9 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠶᠦᠩ | ᠹᠧᠩ ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃ ᠱᠠᠩ ᠫᠢ ᠹᠠᠩ ᠲᠤᠰᠬᠤᠨ᠂ ᠰᠢᠩ | ᠹᠦ᠋ ᠲᠣᠰᠬᠤᠨ ᠳᠤ ᠬᠦᠷᠦᠭᠡᠳ ᠂ ᠸᠠᠩ ᠸᠧᠢ ᠬᠤᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ | ᠤᠨ ᠲᠠᠩᠰᠠ ᠡᠪᠬᠡᠮᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠲᠦᠰᠦᠪ ᠢ | ᠪᠠᠶᠢᠴᠠᠭᠠᠨ ᠦᠵᠡᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠣᠰᠬᠤᠨ ᠤ ᠬᠠᠷᠢᠭᠤᠴᠠᠯᠭᠠᠲᠠᠨ ᠲᠠᠢ ᠭᠦᠨᠵᠡᠭᠡᠢ ᠰᠤᠳᠤᠯᠤᠨ | ᠶᠠᠷᠢᠯᠴᠠᠭᠰᠠᠨ ᠪᠠᠶᠢᠨ᠎ᠠ᠃ ᠸᠠᠩ ᠸᠧᠢ ᠬᠤᠩ ᠪᠠᠶᠢᠴᠠᠭᠠᠨ ᠵᠢᠯᠤᠭᠤᠳᠬᠤ ᠶᠠᠪᠤᠴᠠ ᠳᠠᠭᠠᠨ᠂ ᠬᠢᠨᠠᠨ ᠰᠢᠯᠭᠠᠬᠤ | ᠡᠷᠦᠬᠡ ᠪᠠ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ | ᠦᠷᠭᠦᠯᠵᠢ ᠡᠷᠦᠬᠡ ᠳᠤ ᠬᠦᠨᠵᠡᠬᠡᠶᠢᠷᠡᠨ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠬᠡᠷᠡᠭᠲᠡᠢ᠃ | ᠨᠡᠶᠢᠭᠡᠮᠴᠢᠯᠡᠭᠰᠡᠨ ᠦᠢᠯᠡᠴᠢᠯᠡᠭᠡ ᠶᠢ ᠨᠠᠷᠢᠨ ᠬᠢᠨᠠᠮᠠᠭᠠᠢ ᠰᠤᠳᠤᠯᠵᠤ᠂ ᠠᠰᠠᠭᠤᠳᠠᠯ ᠲᠠᠢ ᠡᠷᠦᠬᠡ ᠶᠢᠨ ᠵᠣᠷᠯᠣᠩ ᠤᠨ | ᠦᠬᠡᠷᠡᠴᠢᠯᠡᠯᠳᠡ ᠪᠠ 2023 ᠣᠨ ᠤ ᠵᠣᠷᠯᠣᠩ ᠤᠨ ᠦᠬᠡᠷᠡᠴᠢᠯᠡᠯᠳᠡ ᠶᠢᠨ ᠡᠷᠡᠮᠡᠯᠵᠡᠯᠡᠨ ᠮᠡᠳᠡᠭᠦᠯᠬᠦ ᠠᠵᠢᠯ ᠢ | ᠰᠠᠶᠢᠲᠤᠷ ᠬᠢᠵᠦ᠂ ᠢᠷᠡᠬᠦ ᠵᠢᠯ ᠤᠨ ᠲᠦᠷᠦᠯ ᠵᠦᠢᠯ ᠢ ᠨᠠᠷᠢᠨ ᠨᠢᠮᠪᠠᠢ ᠲᠦᠯᠦᠪᠯᠡᠨ᠂ ᠲᠦᠷᠦᠯ ᠵᠦᠢᠯ ᠢᠶᠠᠷ ︽ | 5+1︾ ᠲᠦᠰᠦᠪ ᠢ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠷᠢᠭᠤ | ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢ ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠭᠡᠷᠡᠴᠢ | ᠮᠠᠲ᠋ᠧᠷᠢᠶᠠᠯ ᠢ ᠪᠦᠷᠢᠳᠦᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠲᠡᠢ | ᠠᠬᠢᠭᠤᠯᠬᠤ ᠶᠢ ᠪᠠᠲᠤᠯᠠᠬᠤ ᠬᠡᠷᠡᠭᠲᠡᠢ᠃ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠦᠰᠦᠪ ︵ᠶᠢᠰᠦᠳᠦᠭᠡᠷ ᠭᠡᠪᠯᠡᠯ︶︾ ᠪᠣᠯᠣᠨ ᠪᠦᠬᠦ ᠠᠶᠢᠮᠠᠭ ᠤᠨ ︽ᠪᠣᠳᠠᠲᠠᠢ | ᠠᠵᠢᠯᠯᠠᠭᠠᠨ ᠤ ᠭᠠᠷ ᠠᠪᠤᠯᠭ᠎ᠠ︾ ᠶᠢᠨ ᠱᠠᠭᠠᠷᠳᠠᠯᠭ᠎ᠠ ᠶᠤᠰᠤᠭᠠᠷ᠂ ᠭᠠᠳᠠᠨ᠎ᠠ ᠠᠴᠠ ᠢᠷᠡᠭᠰᠡᠨ ᠬᠥᠮᠥᠰ᠂ | ᠢᠯᠠᠩᠭᠤᠶ᠎ᠠ ᠭᠠᠳᠠᠨ᠎ᠠ ᠠᠴᠠ ᠢᠷᠡᠭᠰᠡᠨ ᠬᠦᠯᠦᠰᠦᠨ ᠠᠵᠢᠯᠴᠢᠳ ᠢ ᠪᠠᠶᠢᠴᠠᠭᠠᠨ ᠳᠠᠩᠰᠠᠯᠠᠬᠤ ᠪᠠ ᠡᠵᠡᠮᠳᠡᠨ | ᠬᠠᠮᠢᠶᠠᠷᠬᠤ ᠠᠵᠢᠯ ᠢ ᠰᠠᠶᠢᠨ ᠬᠢᠵᠦ᠂ ᠬᠢᠨᠠᠯᠳᠠ ᠬᠠᠮᠢᠶᠠᠷᠤᠯᠲᠠ ᠰᠤᠯᠠᠷᠠᠵᠤ ᠤᠰᠤᠯ ᠠᠯᠳᠠᠰᠢ ᠭᠠᠷᠬᠤ ᠠᠴᠠ ᠡᠷᠡᠰ | ᠰᠡᠷᠭᠡᠶᠢᠯᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ |