ᠲᠠᠶᠢᠹᠤᠰᠧ ᠬᠤᠰᠢᠭᠤ ᠢᠳᠡᠭᠡᠨ ᠤᠮᠳᠠᠭᠠᠨ ᠤ ᠠᠵᠢᠯ ᠲᠦᠷᠦᠯ ᠤᠨ ᠬᠢᠵᠢᠭ ᠰᠡᠷᠭᠡᠶᠢᠯᠡᠯᠳᠡ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/9/23
  9 ᠰᠠᠷ᠎ᠠ ᠶᠢᠨ 22 ᠤᠨ ᠡᠳᠦᠷ᠂ ᠲᠠᠶᠢᠹᠤᠰᠧ ᠬᠤᠰᠢᠭᠤ ᠢᠳᠡᠭᠡᠨ ᠤᠮᠳᠠᠭᠠᠨ ᠤ ᠠᠵᠢᠯ ᠲᠥᠷᠥᠯ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠯᠬᠢᠨ ᠠᠬᠢᠭᠤᠯᠬᠤ ᠬᠤᠷᠠᠯ  ᠬᠤᠷᠠᠯᠳᠤᠭᠤᠯᠵᠤ᠂  ᠪᠥᠬᠦ ᠬᠤᠰᠢᠭᠤᠨ ᠤ 100 ᠭᠠᠷᠤᠢ ᠢᠳᠡᠭᠡᠨ ᠤᠮᠳᠠᠭᠠᠨ ᠤ  ᠠᠵᠢᠯ ᠦᠢᠯᠡᠰ ᠡᠷᠬᠢᠯᠡᠭᠰᠡᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠤᠪᠴᠢᠶᠠᠨ ᠤ   ᠬᠠᠤᠯᠢ ᠬᠡᠷᠡᠭᠵᠢᠭᠦᠯᠬᠦ ᠠᠵᠢᠯᠲᠠᠨ ᠠᠴᠠ ᠢᠳᠡᠭᠡᠨ ᠤᠮᠳᠠᠭᠠᠨ ᠤ ᠦᠢᠯᠡᠰ ᠲᠤ ᠪᠠᠶᠢᠩᠭᠤ ᠲᠣᠬᠢᠶᠠᠯᠳᠤᠳᠠᠭ ᠠᠰᠠᠭᠤᠳᠠᠯ ᠵᠢᠴᠢ ᠠᠩᠬᠠᠷᠬᠤ ᠵᠦᠢᠯ᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠠᠮᠤᠷ ᠲᠦᠪᠰᠢᠨ ᠠᠵᠢᠯᠯᠠᠭᠠᠨ ᠤ ᠲᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠦᠷᠢᠮ ᠤᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠤᠶᠠᠯᠳᠤᠭᠤᠯᠵᠤ᠂  ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠯᠠᠪᠤᠷ ᠲᠤ  ᠤᠷᠤᠵᠤ ᠢᠷᠡᠭᠰᠡᠳ ᠤᠨ ᠠᠮᠠᠪᠴᠢ ᠵᠡᠭᠦᠬᠦ ᠶᠢ ᠱᠠᠭᠠᠷᠳᠠᠬᠤ᠂ ︽ᠰᠢᠯᠢ ᠶᠢᠨ ᠭᠤᠤᠯ ᠡᠷᠡᠭᠦᠯ ᠮᠡᠨᠳᠦ ᠶᠢᠨ ᠺᠣᠳ᠋  ︾ ᠶᠢ ᠰᠢᠷᠪᠢᠵᠦ ᠲᠠᠩᠰᠠᠯᠠᠭᠤᠯᠬᠤ᠂ ᠪᠡᠶ᠎ᠡ ᠶᠢᠨ ᠬᠠᠯᠠᠭᠤᠨ ᠢ ᠨᠢ ᠬᠡᠮᠵᠢᠬᠦ᠂ ᠡᠵᠡᠩᠨᠡᠯᠲᠡ ᠶᠢᠨ ᠲᠠᠯᠠᠪᠤᠷ   ᠢᠶᠠᠨ ᠠᠷᠢᠭᠤᠳᠬᠠᠨ ᠠᠷᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠲᠤᠬᠠᠢ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ ᠬᠤᠷᠠᠯ   ᠠᠴᠠ ᠪᠠᠰᠠ ᠬᠡᠰᠡᠭ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠢᠵᠢᠭ  ᠰᠡᠷᠭᠡᠶᠢᠯᠡᠬᠦ ᠠᠵᠢᠯ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠣᠷᠣᠰᠢᠵᠤ ᠪᠠᠶᠢᠬᠤ ᠶᠢ  ᠨᠡᠶᠢᠳᠡᠯᠡᠨ ᠮᠡᠳᠡᠭᠳᠡᠪᠡ᠃  ᠡᠨᠡ ᠤᠳᠠᠭᠠᠨ ᠤ ᠬᠤᠷᠠᠯ ᠨᠢ ᠪᠥᠬᠦ ᠬᠤᠰᠢᠭᠤᠨ ᠤ ᠢᠳᠡᠭᠡᠨ ᠤᠮᠳᠠᠭᠠᠨ ᠤ ᠠᠵᠢᠯ  ᠲᠦᠷᠦᠯ ᠤᠨ ᠬᠢᠵᠢᠭ ᠰᠡᠷᠭᠡᠶᠢᠯᠡᠬᠦ ᠤᠬᠠᠮᠰᠠᠷ ᠪᠠ ᠬᠠᠤᠯᠢ ᠶᠤᠰᠤᠭᠠᠷ ᠡᠵᠡᠩᠨᠡᠬᠦ ᠤᠬᠠᠮᠰᠠᠷ ᠢ  ᠴᠢᠨᠠᠭᠰᠢᠳᠠ ᠴᠢᠩᠭᠠᠳᠬᠠᠨ᠂  ᠡᠵᠡᠩᠨᠡᠭᠴᠢᠳ ᠤᠨ ᠥᠪᠡᠷ ᠢ ᠪᠠᠨ ᠱᠠᠭᠠᠷᠳᠠᠬᠤ ᠬᠢᠷᠢ ᠲᠦᠪᠰᠢᠨ ᠢ ᠲᠡᠭᠡᠭᠰᠢᠯᠡᠬᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠢ ᠪᠠᠳᠤᠯᠠᠬᠤ ᠬᠤᠶᠠᠷ ᠬᠦᠪᠴᠢ ᠶᠢ ᠤᠯᠠᠮ ᠴᠢᠩᠭᠠᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ ᠨᠢ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠ ᠲᠤᠰᠬᠠᠢ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ  ᠰᠡᠷᠭᠡᠶᠢᠯᠡᠯᠲᠡ ᠶᠢᠨ ᠱᠤᠭᠤᠮ ᠢ ᠤᠯᠠᠮ ᠪᠠᠬᠢᠵᠢᠬᠦᠯᠦᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ  ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号