ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠡᠵᠢᠭᠡᠨ ᠦᠷᠡᠵᠢᠭᠦᠯᠬᠦ ᠦᠢᠯᠡᠰ ᠤᠨ ᠬᠠᠮᠢᠶᠠᠳᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/23
   9 ᠰᠠᠷ᠎ᠠ ᠶᠢᠨ 22 ᠤᠨ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠤᠨ ᠭᠡᠰᠢᠬᠦᠳ ᠪᠤᠯᠤᠨ ᠭᠡᠰᠡᠭ ᠠᠷᠠᠳ ᠤᠨ ᠲᠥᠯᠥᠭᠡᠯᠡᠭᠴᠢᠳ ᠲᠠᠢ ᠬᠠᠮᠳᠤ ᠪᠠᠷ ᠲᠡᠵᠢᠭᠡᠨ ᠦᠷᠡᠵᠢᠭᠦᠯᠬᠦ ᠦᠢᠯᠡᠰ ᠤᠨ ᠬᠦᠭᠵᠢᠯᠳᠡ ᠪᠠ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠬᠤ  ᠪᠦᠯᠬᠦᠮ ᠤᠨ ᠬᠢᠨ ᠤᠷᠢᠳ ᠬᠤᠵᠢᠳ ᠯᠥᠸᠧ ᠲᠦᠸᠧ ᠱᠠᠨ ᠪᠠᠯᠭᠠᠰᠤᠨ ᠤ ᠬᠤᠸᠠ ᠴᠧᠨ ᠭᠡᠷ ᠪᠦᠯᠢ ᠶᠢᠨ ᠮᠠᠯᠵᠢᠯ ᠤᠨ ᠲᠠᠯᠠᠪᠠᠢ᠂  ᠬᠦᠨᠪᠤᠯᠠᠭ ᠰᠤᠮᠤᠨ ᠤ ᠠᠨᠳᠠ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠴᠦ᠂ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠪᠡᠰᠦ ᠪᠣᠷᠳᠤᠭ᠎ᠠ ᠨᠥᠭᠡᠴᠡᠯᠡᠬᠦ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠵᠡᠷᠭᠡ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠲᠠᠢ ᠰᠤᠳᠤᠯᠤᠨ ᠶᠠᠷᠢᠯᠴᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ  ᠪᠦᠯᠬᠦᠮ ᠤᠨ ᠬᠢᠨ᠂ ᠮᠠᠯ ᠠᠵᠤ ᠠᠬᠤᠢ ᠪᠣᠯ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠪᠠ ᠮᠠᠯᠴᠢᠨ ᠲᠠᠷᠢᠶᠠᠴᠢᠨ ᠤ ᠠᠰᠢᠭ ᠤᠷᠤᠯᠭ᠎ᠠ ᠶᠢ ᠨᠡᠮᠡᠭᠳᠡᠬᠦᠯᠬᠦ ᠴᠢᠬᠤᠯᠠ ᠲᠤᠯᠭᠠᠭᠤᠷᠢ ᠠᠵᠤ ᠦᠢᠯᠡᠰ ᠮᠥᠨ᠂  ᠡᠷᠭᠡᠪᠰᠢ ᠡᠭᠦᠯᠳᠡᠷ ᠰᠠᠶᠢᠵᠢᠷᠠᠭᠤᠯᠬᠤ᠂  ᠮᠢᠬᠠᠨ ᠤ ᠦᠬᠡᠷ ᠪᠣᠷᠳᠣᠬᠤ᠂ ᠡᠳ᠋ᠰᠢᠭᠦᠯᠦᠨ ᠪᠣᠷᠣᠯᠠᠭᠤᠯᠬᠤ᠂ ᠨᠠᠷᠠᠲᠤ ᠲᠡᠮᠳᠡᠭ ᠢ ᠪᠣᠶ ᠪᠣᠯᠭᠠᠬᠤ ᠳᠡᠭᠡᠷ᠎ᠡ ᠢᠯᠡᠬᠦᠦ ᠬᠦᠴᠦ ᠲᠠᠯᠪᠢᠵᠤ᠂ ᠪᠦᠬᠦᠯᠢ ᠴᠣᠭᠴᠠ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠢ ᠪᠠᠷ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠨᠠᠩ ᠰᠠᠶᠢᠨ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠵᠢᠭᠠᠨ ᠭᠠᠷᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号