ᠲᠠᠶᠢᠹᠤᠰᠧ ᠬᠤᠰᠢᠭᠤ ᠰᠢᠤᠳᠠᠨ ᠭᠤᠪᠢᠭᠤᠯᠭ᠎ᠠ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ ᠬᠢᠵᠢᠭ ᠰᠡᠷᠭᠡᠶᠢᠯᠡᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/9/23
   9 ᠰᠠᠷ᠎ᠠ ᠶᠢᠨ 22 ᠤᠨ ᠡᠳᠦᠷ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ  ᠨᠢ ᠰᠢᠤᠳᠠᠨ ᠭᠤᠪᠢᠭᠤᠯᠭ᠎ᠠ ᠲᠦᠷᠭᠡᠨ ᠬᠦᠷᠭᠡᠯᠲᠡ ᠶᠢᠨ ᠠᠵᠤ ᠠᠬᠤᠶᠢᠯᠠᠯ  ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠡᠷᠬᠢᠯᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠮᠠ ᠷᠦᠢ ᠮᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠡᠯ᠎ᠡ ᠠᠵᠤ ᠠᠬᠤᠶᠢᠯᠠᠯ ᠤᠳ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠪᠤᠳᠤᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂  ᠠᠵᠢᠯᠳᠠᠳ ᠤᠨ ᠢᠶᠠᠨ ᠪᠡᠶ᠎ᠡ ᠶᠢᠨ ᠬᠠᠯᠠᠭᠤᠨ ᠢ  ᠬᠡᠮᠵᠢᠬᠦ᠂ ᠮᠡᠳᠡᠭᠡ ᠵᠠᠩᠭᠢ ᠶᠢ ᠳᠠᠩᠰᠠᠯᠠᠬᠤ ᠪᠠ ᠨᠢᠭᠡ ᠭᠠᠷᠠᠭ ᠲᠤ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠬᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠤ᠂ ᠪᠠᠷᠠᠭ᠎ᠠ ᠣᠷᠣᠭᠤᠯᠬᠤ  ᠪᠠᠶᠢᠴᠠᠭᠠᠨ ᠰᠢᠯᠭᠠᠯᠳᠠ᠂ ᠦᠨᠡᠨ ᠨᠡᠷ᠎ᠡ ᠪᠠᠷ  ᠲᠤᠰᠴᠤ ᠬᠦᠷᠭᠡᠬᠦ᠂  ᠤᠶᠢᠷᠠᠳᠴᠤ ᠬᠦᠷᠦᠯᠴᠡᠬᠦ ᠦᠭᠡᠢ ᠪᠠᠷ ᠲᠤᠰᠴᠤ ᠬᠦᠷᠭᠡᠬᠦ ᠵᠡᠷᠭᠡ ᠡᠯ᠎ᠡ  ᠲᠦᠷᠦᠯ ᠤᠨ ᠠᠷᠭ᠎ᠠ ᠳᠦᠷᠢᠮ ᠢ ᠴᠢᠩᠭ᠎ᠠ  ᠭᠡᠷᠡᠭᠵᠢᠬᠦᠯᠦᠨ᠂  ᠪᠠᠷᠠᠭ᠎ᠠ ᠲᠠᠸᠠᠷ ᠤᠨ ᠬᠠᠮᠢᠭ᠎ᠠ ᠠᠴᠠ ᠢᠷᠡᠵᠦ᠂ ᠬᠠᠮᠢᠭᠠᠰᠢ ᠶᠠᠪᠤᠭᠰᠠᠨ ᠢ ᠨᠢ ᠪᠠᠶᠢᠴᠠᠭᠠᠨ  ᠨᠡᠬᠡᠮᠵᠢᠯᠡᠬᠦ ᠳᠤ ᠪᠠᠳᠤᠯᠠᠭ᠎ᠠ ᠬᠠᠩᠭᠠᠬᠤ ᠭᠡᠷᠡᠭᠳᠡᠢ᠃ ᠡᠯ᠎ᠡ ᠰᠢᠤᠳᠠᠨ ᠭᠤᠪᠢᠭᠤᠯᠭ᠎ᠠ ᠲᠦᠷᠭᠡᠨ  ᠬᠦᠷᠭᠡᠯᠳᠡ ᠶᠢᠨ ᠠᠵᠤ ᠠᠬᠤᠶᠢᠯᠠᠯ ᠨᠢ ᠤᠯᠤᠰ ᠤᠨ ᠰᠢᠤᠳᠠᠨ ᠤ ᠶᠡᠷᠦᠩᠬᠡᠢ ᠲᠣᠪᠴᠢᠶ᠎ᠠ ᠶᠢᠨ ᠳᠤᠷᠠᠳᠤᠭᠰᠠᠨ ︽ᠵᠣᠭᠰᠤᠭᠠᠬᠤ᠂ ᠪᠠᠶᠢᠴᠠᠭᠠᠬᠤ᠂  ᠠᠷᠢᠭᠤᠳᠬᠠᠬᠤ᠂ ᠪᠠᠲᠤᠯᠠᠬᠤ︾ ᠳᠥᠷᠪᠡᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠬᠤ ᠭᠡᠷᠡᠭᠳᠡᠢ᠂ ᠭᠡᠷᠪᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠨ ᠨᠠᠶᠢᠳᠠᠪᠤᠷᠢᠵᠢᠭᠤᠯᠤᠭᠰᠠᠨ ᠦᠭᠡᠢ᠂ ᠰᠡᠷᠭᠡᠶᠢᠯᠡᠨ ᠡᠵᠡᠮᠳᠡᠬᠦ ᠶᠢ ᠣᠮᠲᠣᠭᠠᠶᠢᠯᠠᠭᠰᠠᠨ ᠠᠴᠠ ᠪᠣᠯᠵᠤ ᠡᠪᠡᠳᠴᠢᠨ ᠬᠢᠵᠢᠭ  ᠲᠠᠷᠬᠭᠠᠬᠤ ᠳᠠᠯᠳᠠ ᠬᠡᠮ ᠢ ᠪᠣᠶ  ᠪᠤᠯᠭᠠᠪᠠᠯ ᠬᠠᠤᠯᠢ ᠶᠣᠰᠣᠭᠠᠷ ᠬᠠᠭᠠᠵᠤ ᠵᠣᠭᠰᠤᠭᠠᠬᠤ ᠶᠢᠨ ᠬᠠᠮᠲᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ ᠬᠡᠵᠦ ᠱᠠᠭᠠᠷᠳᠠᠪᠠ᠃ ᠪᠥᠬᠦ ᠬᠤᠰᠢᠭᠤᠨ ᠤ ᠰᠢᠤᠳᠠᠨ ᠭᠤᠪᠢᠭᠤᠯᠭ᠎ᠠ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ  ᠪᠣᠯᠪᠠᠰᠤᠷᠠᠯ ᠳᠤ  ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号