ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠲᠠᠶᠢᠹᠤᠰᠧ ᠬᠤᠰᠢᠭᠤᠨ ᠳᠤ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/9/23
  9 ᠰᠠᠷ᠎ᠠ ᠶᠢᠨ 22 ᠤᠨ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠵᠤᠷᠢᠭᠳᠤ ᠶᠢᠨ ᠲᠠᠭᠠᠭᠤᠯᠤᠭᠰᠠᠨ ᠰᠢᠨᠵᠢᠯᠡᠨ ᠪᠠᠶᠢᠴᠠᠭᠠᠬᠤ  ᠪᠦᠯᠬᠦᠮ ᠲᠠᠶᠢᠹᠤᠰᠧ ᠬᠤᠰᠢᠭᠤᠨ ᠳᠤ ᠢᠷᠡᠵᠦ᠂  ᠤᠶᠤᠨᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ᠂ ︽ᠠᠷᠠᠳ ᠤᠨ ᠲᠥᠯᠥᠭᠡᠯᠡᠭᠴᠢᠳ ᠤᠨ ᠭᠡᠷ︾᠂ ᠠᠷᠠᠳ ᠤᠨ ᠲᠥᠯᠥᠭᠡᠯᠡᠭᠴᠢ ᠶᠢᠨ ᠠᠵᠢᠯ ᠤᠨ ᠮᠡᠳᠡᠭᠡ  ᠵᠠᠩᠬᠢᠭᠰᠠᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠳᠡᠳ᠋ ᠡᠷᠬᠢᠯᠡᠭᠴᠢ ᠯᠢ ᠱᠣᠸ ᠯᠢᠨ᠂ ᠪᠠᠭᠠᠲᠤᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ᠰᠢᠨᠵᠢᠯᠡᠨ ᠪᠠᠶᠢᠴᠠᠭᠠᠬᠤ  ᠪᠦᠯᠬᠦᠮ ᠤᠨ ᠬᠢᠨ ᠤᠷᠢᠳ ᠬᠤᠵᠢᠳ  ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ  ︽ᠠᠷᠠᠳ ᠤᠨ ᠲᠥᠯᠥᠭᠡᠯᠡᠭᠴᠢᠳ ᠤᠨ ᠭᠡᠷ︾ ᠪᠣᠯᠣᠨ ᠴᠢᠶᠠᠨ ᠶᠢᠨ ᠭᠧᠦ ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠭᠡᠷ ︾  ᠢ ᠲᠣᠭᠤᠷᠢᠨ ᠦᠵᠡᠵᠦ᠂   ︽ᠠᠷᠠᠳ ᠤᠨ ᠲᠥᠯᠥᠭᠡᠯᠡᠭᠴᠢᠳ ᠤᠨ ᠭᠡᠷ︾᠂  ᠤᠶᠤᠨᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠠᠵᠢᠯ ᠤᠨ ᠮᠡᠳᠡᠭᠡ ᠵᠠᠩᠬᠢᠵᠢᠭᠰᠠᠨ ᠪᠠᠶᠢᠭᠤᠯᠤᠯᠲᠠ ᠶᠢᠨ ᠨᠠᠷᠢᠨ ᠵᠦᠢᠯᠡᠰ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢᠨᠵᠢᠯᠡᠨ ᠪᠠᠶᠢᠴᠠᠭᠠᠬᠤ  ᠪᠦᠯᠬᠦᠮ ᠤᠨ ᠬᠢᠨ  ᠂  ᠲᠠᠶᠢᠹᠤᠰᠧ ᠬᠤᠰᠢᠭᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾ ᠪᠣᠯᠣᠨ ᠠᠷᠠᠳ ᠤᠨ ᠲᠥᠯᠥᠭᠡᠯᠡᠭᠴᠢᠳ ᠤᠨ ᠮᠡᠳᠡᠭᠡ  ᠵᠠᠩᠬᠢᠵᠢᠭᠰᠠᠨ ᠪᠠᠶᠢᠭᠤᠯᠤᠯᠲᠠ   ᠶᠢᠨ ᠠᠵᠢᠯ ᠨᠢ ᠥᠪᠡᠷᠮᠢᠴᠡ ᠣᠨᠴᠠᠯᠢᠭ ᠲᠠᠢ᠂  ᠲᠤᠷᠠᠶᠢᠮ᠎ᠠ ᠴᠡᠭ ᠲᠠᠢ ᠪᠠᠶᠢᠵᠤ᠂  ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ   ᠰᠢᠯᠢᠳᠡᠭ ᠰᠠᠶᠢᠨ ᠰᠣᠯᠢᠯᠴᠠᠭᠠᠨ ᠤ ᠲᠠᠪᠴᠠᠩ ᠢ ᠬᠠᠩᠭᠠᠵᠠᠢ᠂  ᠮᠠᠨᠠᠶᠢᠬᠢᠨ ᠭᠦᠨᠵᠡᠭᠡᠢ ᠰᠤᠷᠤᠯᠴᠠᠨ ᠲᠤᠯᠢᠳᠠᠭᠤᠰᠢᠳᠠᠢ ᠪᠠᠶᠢᠨ᠎ᠠ ᠬᠡᠵᠦ ᠢᠯᠡᠷᠭᠡᠶᠢᠯᠡᠪᠡ᠃ ᠬᠤᠶᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠬᠠᠷᠢᠯᠴᠠᠨ ᠨᠡᠪᠳᠡᠷᠡᠯᠴᠡᠵᠦ ᠬᠠᠷᠢᠯᠴᠠᠨ ᠰᠤᠷᠤᠯᠴᠠᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠰᠢᠯᠢᠳᠡᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠤᠨ᠎ᠠ ᠭᠡᠵᠡᠢ᠃  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠨ  ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号