ᠸᠠᠩ ᠸᠧᠢ ᠬᠤᠩ ᠶᠦᠩ ᠹᠧᠩ ᠪᠠᠯᠭᠠᠰᠤᠨ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2022/9/23
    9 ᠰᠠᠷ᠎ᠠ ᠶᠢᠨ 22 ᠤᠨ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃ ᠱᠠᠩ ᠫᠢ ᠹᠠᠩ ᠲᠤᠰᠬᠤᠨ᠂ ᠰᠢᠩ ᠹᠦ᠋ ᠲᠣᠰᠬᠤᠨ ᠳᠤ ᠬᠦᠷᠦᠭᠡᠳ  ᠂ ᠸᠠᠩ ᠸᠧᠢ ᠬᠤᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠩᠰᠠ ᠡᠪᠬᠡᠮᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠲᠦᠰᠦᠪ ᠢ  ᠪᠠᠶᠢᠴᠠᠭᠠᠨ ᠦᠵᠡᠭᠰᠡᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠣᠰᠬᠤᠨ ᠤ ᠬᠠᠷᠢᠭᠤᠴᠠᠯᠭᠠᠲᠠᠨ ᠲᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠠᠶᠢᠨ᠎ᠠ᠃ ᠸᠠᠩ ᠸᠧᠢ ᠬᠤᠩ ᠪᠠᠶᠢᠴᠠᠭᠠᠨ ᠵᠢᠯᠤᠭᠤᠳᠬᠤ ᠶᠠᠪᠤᠴᠠ ᠳᠠᠭᠠᠨ᠂ ᠬᠢᠨᠠᠨ ᠰᠢᠯᠭᠠᠬᠤ ᠡᠷᠦᠬᠡ ᠪᠠ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢ ᠡᠷᠦᠬᠡ ᠳᠤ ᠬᠦᠨᠵᠡᠬᠡᠶᠢᠷᠡᠨ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠬᠡᠷᠡᠭᠲᠡᠢ᠃ ᠨᠡᠶᠢᠭᠡᠮᠴᠢᠯᠡᠭᠰᠡᠨ ᠦᠢᠯᠡᠴᠢᠯᠡᠭᠡ ᠶᠢ ᠨᠠᠷᠢᠨ ᠬᠢᠨᠠᠮᠠᠭᠠᠢ ᠰᠤᠳᠤᠯᠵᠤ᠂ ᠠᠰᠠᠭᠤᠳᠠᠯ ᠲᠠᠢ ᠡᠷᠦᠬᠡ ᠶᠢᠨ ᠵᠣᠷᠯᠣᠩ ᠤᠨ ᠦᠬᠡᠷᠡᠴᠢᠯᠡᠯᠳᠡ ᠪᠠ 2023 ᠣᠨ ᠤ ᠵᠣᠷᠯᠣᠩ ᠤᠨ ᠦᠬᠡᠷᠡᠴᠢᠯᠡᠯᠳᠡ ᠶᠢᠨ ᠡᠷᠡᠮᠡᠯᠵᠡᠯᠡᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠢᠷᠡᠬᠦ ᠵᠢᠯ ᠤᠨ ᠲᠦᠷᠦᠯ ᠵᠦᠢᠯ ᠢ ᠨᠠᠷᠢᠨ ᠨᠢᠮᠪᠠᠢ ᠲᠦᠯᠦᠪᠯᠡᠨ᠂ ᠲᠦᠷᠦᠯ ᠵᠦᠢᠯ ᠢᠶᠠᠷ ︽5+1︾  ᠲᠦᠰᠦᠪ ᠢ ᠦᠷ᠎ᠡ ᠪᠦᠲᠦᠮᠵᠢ ᠲᠠᠢ ᠨᠠᠶᠢᠳᠠᠪᠤᠷᠢᠵᠢᠭᠤᠯᠬᠤ  ᠬᠡᠷᠡᠭᠲᠡᠢ᠃ ᠡᠯ᠎ᠡ ᠱᠠᠲᠤᠨ ᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢ  ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠭᠡᠷᠡᠴᠢ ᠮᠠᠲ᠋ᠧᠷᠢᠶᠠᠯ ᠢ ᠪᠦᠷᠢᠳᠦᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠰᠦᠪ ︵ᠶᠢᠰᠦᠳᠦᠭᠡᠷ  ᠭᠡᠪᠯᠡᠯ︶︾ ᠪᠣᠯᠣᠨ ᠪᠦᠬᠦ ᠠᠶᠢᠮᠠᠭ ᠤᠨ  ︽ᠪᠣᠳᠠᠲᠠᠢ ᠠᠵᠢᠯᠯᠠᠭᠠᠨ ᠤ ᠭᠠᠷ ᠠᠪᠤᠯᠭ᠎ᠠ︾   ᠶᠢᠨ ᠱᠠᠭᠠᠷᠳᠠᠯᠭ᠎ᠠ ᠶᠤᠰᠤᠭᠠᠷ᠂ ᠭᠠᠳᠠᠨ᠎ᠠ ᠠᠴᠠ ᠢᠷᠡᠭᠰᠡᠨ ᠬᠥᠮᠥᠰ᠂ ᠢᠯᠠᠩᠭᠤᠶ᠎ᠠ ᠭᠠᠳᠠᠨ᠎ᠠ ᠠᠴᠠ  ᠢᠷᠡᠭᠰᠡᠨ ᠬᠦᠯᠦᠰᠦᠨ ᠠᠵᠢᠯᠴᠢᠳ ᠢ  ᠪᠠᠶᠢᠴᠠᠭᠠᠨ ᠳᠠᠩᠰᠠᠯᠠᠬᠤ ᠪᠠ  ᠡᠵᠡᠮᠳᠡᠨ ᠬᠠᠮᠢᠶᠠᠷᠬᠤ ᠠᠵᠢᠯ ᠢ ᠰᠠᠶᠢᠨ ᠬᠢᠵᠦ᠂   ᠬᠢᠨᠠᠯᠳᠠ ᠬᠠᠮᠢᠶᠠᠷᠤᠯᠲᠠ ᠰᠤᠯᠠᠷᠠᠵᠤ ᠤᠰᠤᠯ ᠠᠯᠳᠠᠰᠢ ᠭᠠᠷᠬᠤ ᠠᠴᠠ ᠡᠷᠡᠰ ᠰᠡᠷᠭᠡᠶᠢᠯᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号