ᠲᠠᠶᠢᠹᠤᠰᠧ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠶᠢᠯᠡᠨ ᠵᠤᠬᠢᠴᠠᠭᠤᠯᠬᠤ ᠲᠤᠰᠬᠠᠢ ᠠᠩᠭᠢ ᠶᠢᠨ ᠪᠤᠯᠪᠠᠰᠤᠷᠠᠯ ᠰᠣᠷᠢᠯᠲᠠ ᠶᠠᠪᠤᠭᠳᠠᠭᠰᠠᠨ
ᠨᠡᠶᠢᠲᠡᠯᠡᠭᠰᠡᠨ ᠴᠠᠭ᠄
2022/9/26
  9 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠲᠤᠰᠬᠠᠢ ᠠᠩᠭᠢ ᠨᠢ ᠪᠣᠯᠪᠠᠰᠤᠷᠠᠯ ᠰᠣᠷᠢᠯᠲᠠ ᠶᠢᠨ ᠬᠤᠷᠠᠯ  ᠡᠷᠬᠢᠯᠡᠵᠦ᠂ ᠬᠤᠷᠠᠯ ᠳᠡᠭᠡᠷ᠎ᠡ᠂ ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ  ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠰᠠᠯᠠᠭᠠᠨ ᠤ ᠬᠠᠷᠢᠭᠤᠴᠠᠯᠭᠠᠲᠠᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠬᠠᠮᠢᠶ᠎ᠠ ᠪᠦᠬᠦᠢ ᠠᠭᠤᠯᠭ᠎ᠠ ᠶᠢ ᠲᠠᠶᠢᠯᠪᠤᠷᠢᠯᠠᠵᠤ᠂  ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠲᠤᠰᠬᠠᠢ ᠠᠩᠭᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠤᠨ ᠶᠤᠰᠤᠭᠠᠷ ᠪᠤᠯᠪᠠᠰᠤᠷᠠᠯ ᠬᠢᠭᠰᠡᠨ ᠪᠦᠭᠡᠳ ᠰᠠᠭᠤᠭᠠᠯᠢ ᠲᠣᠭᠤᠷᠢᠭ ᠢ ᠲᠠᠭᠠᠭᠠᠴᠢᠯᠠᠭᠰᠠᠨ ᠪᠠᠶᠢᠭᠤᠯᠭ᠎ᠠ ᠨᠢᠬᠡᠴᠡ ᠶᠢᠨ ᠠᠵᠢᠯᠳᠠᠳ ᠬᠠᠮᠠᠭᠠᠯᠠᠯᠲᠠ ᠶᠢᠨ ᠬᠤᠪᠴᠠᠰᠤ ᠶᠢ ᠡᠮᠦᠰᠴᠦ ᠲᠠᠶᠢᠯᠬᠤ ᠵᠡᠷᠭᠡ ᠠᠭᠤᠯᠭ᠎ᠠ ᠶᠢᠨ ᠲᠠᠯ᠎ᠠ ᠪᠠᠷ ᠪᠣᠳᠠᠲᠠᠢ ᠰᠣᠷᠢᠯᠲᠠ ᠬᠢᠵᠦ᠂  ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠠᠯᠠᠭᠠᠨ ᠤ ᠡᠮᠴᠢ ᠠᠴᠠ ᠲᠤᠬᠠᠢ ᠶᠢᠨ ᠲᠠᠯᠠᠪᠤᠷ ᠤᠨ ᠦᠨᠡᠯᠡᠯᠲᠡ ᠬᠢᠭᠰᠡᠨ ᠪᠠᠶᠢᠨ᠎ᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠵᠢᠯᠤᠭᠤᠳᠬᠤ ᠰᠢᠰᠲ᠋ᠧᠮ ᠤᠨ ᠵᠥᠪᠯᠡᠭᠴᠢ᠂ ᠲᠤᠰᠠᠯᠠᠭᠴᠢ ᠪᠠ ᠭᠤᠤᠯᠯᠠᠭᠴᠢ ᠪᠣᠯᠤᠭᠰᠠᠨ ᠤ ᠬᠤᠪᠢ ᠳᠤ᠂ ᠪᠥᠬᠦ ᠲᠠᠯ᠎ᠠ ᠶᠢ ᠪᠤᠳᠤᠯᠬᠢᠯᠠᠬᠤ ᠰᠡᠳᠬᠢᠬᠦᠢ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠡᠷᠭᠡᠭ ᠴᠢᠨᠠᠷ ᠢ ᠢᠮᠠᠭᠲᠠ ᠪᠠᠳᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠰᠦᠪ  ︵ ᠶᠢᠰᠦᠳᠦᠭᠡᠷ ᠬᠡᠪᠯᠡᠯ ︶᠂ ᠥᠪᠡᠷᠲᠡᠭᠡᠨ ᠵᠠᠰᠠᠬᠤ ᠣᠷᠣᠨ ᠤ ᠪᠣᠳᠠᠲᠤ ᠲᠠᠶᠢᠯᠠᠯᠳᠤᠭᠠᠨ ᠤ ᠭᠠᠷ ᠠᠪᠤᠯᠭ᠎ᠠ ︵2.0 ᠬᠡᠪᠯᠡᠯ︶  ᠶᠢᠨ ᠠᠭᠤᠯᠭ᠎ᠠ ᠱᠠᠭᠠᠷᠳᠠᠯᠭ᠎ᠠ ᠶᠢ ᠦᠪᠡᠷ ᠦᠪᠡᠷ ᠤᠨ ᠠᠵᠢᠯ ᠡᠭᠦᠷᠭᠡ   ᠲᠠᠢ ᠪᠠᠨ ᠨᠢᠭᠲᠠ ᠤᠶᠠᠯᠳᠤᠭᠤᠯᠵᠤ᠂ ᠨᠡᠪᠲᠡᠷᠡᠲᠡᠯ᠎ᠡ ᠤᠶᠢᠯᠠᠭᠠᠨ ᠪᠣᠯᠪᠠᠰᠤᠷᠠᠩᠭᠤᠢ ᠡᠵᠡᠮᠰᠢᠵᠦ᠂ ᠨᠠᠷᠢᠯᠢᠭ ᠣᠨᠣᠴᠠᠲᠠᠢ ᠪᠠᠷ  ᠠᠷᠭᠠᠴᠠᠵᠤ ᠰᠢᠢᠳᠪᠦᠷᠢᠯᠡᠨ᠂   ᠪᠤᠱᠢᠭᠤ ᠲᠦᠷᠭᠡᠨ ᠢᠶᠠᠷ ᠰᠡᠷᠭᠡᠶᠢᠯᠡᠨ ᠡᠵᠡᠮᠳᠡᠵᠦ᠂ ᠬᠢᠵᠢᠭ ᠰᠡᠷᠭᠡᠶᠢᠯᠡᠬᠦ ᠡᠯ᠎ᠡ ᠲᠦᠷᠦᠯ ᠤᠨ ᠠᠷᠭ᠎ᠠ ᠲᠦᠷᠢᠮ ᠢ ᠨᠠᠷᠢᠯᠢᠭ ᠨᠠᠶᠢᠳᠠᠪᠤᠷᠢᠵᠢᠭᠤᠯᠵᠤ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠬᠤᠷᠠᠯ ᠳᠤ ᠤᠷᠤᠯᠴᠠᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ  ᠶᠡᠷᠦᠩᠭᠡᠶᠢᠯᠡᠨ ᠵᠤᠬᠢᠴᠠᠭᠤᠯᠬᠤ ᠲᠤᠰᠬᠠᠢ ᠠᠩᠭᠢ ᠶᠢᠨ ᠶᠡᠷᠦᠩᠬᠡᠢ  ᠵᠢᠯᠤᠭᠤᠳᠤᠭᠴᠢ᠂ ᠳᠡᠳ᠋ ᠶᠡᠷᠦᠩᠬᠡᠢ ᠵᠢᠯᠤᠭᠤᠳᠤᠭᠴᠢ  ᠵᠢᠴᠢ ᠭᠡᠰᠡᠭ ᠰᠠᠭᠤᠭᠠᠯᠢ ᠲᠤᠭᠤᠷᠢᠭ ᠲᠠᠭᠠᠭᠠᠴᠢᠯᠠᠭᠰᠠᠨ ᠺᠠᠳ᠋ᠷ ᠠᠵᠢᠯᠳᠠᠨ᠂ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ  ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号