ᠲᠠᠶᠢᠹᠤᠰᠧ ᠬᠤᠰᠢᠭᠤᠨ ᠤ ᠬᠢᠨ ᠵᠣᠴᠢᠳ ᠤᠨ ᠪᠠᠭᠤᠳᠠᠯ  ᠤᠨ ᠬᠢᠵᠢᠭ ᠰᠡᠷᠭᠡᠶᠢᠯᠡᠯᠳᠡ ᠳᠤ ︽ᠡᠷᠬᠢᠨ ᠬᠠᠷᠠᠬᠤ︾ ᠬᠠᠮᠲᠤᠷᠠᠭᠰᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/9/26
    9 ᠰᠠᠷ᠎ᠠ ᠶᠢᠨ 23 ᠤ ᠡᠳᠦᠷ᠂  ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠤᠪᠴᠢᠶᠠᠨ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠤᠤᠴᠠᠩ ᠪᠠᠯᠭᠠᠰᠤᠨ ᠤ 5 ᠲᠤᠮᠤ  ᠵᠣᠴᠢᠳ ᠤᠨ ᠪᠠᠭᠤᠳᠠᠯ ᠢ ᠰᠤᠭᠤᠴᠢᠨ ᠪᠠᠶᠢᠴᠠᠭᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠬᠢᠨ ᠬᠠᠷᠠᠬᠤ︾ ᠠᠵᠢᠯ ᠢ ᠦᠷᠨᠢᠬᠦᠯᠦᠨ᠂ ᠳᠡᠭᠡᠷ᠎ᠡ ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠪᠠᠷ ᠲᠠᠮᠵᠢᠭᠠᠳ ᠤᠯᠵᠤ ᠮᠡᠳᠡᠭᠰᠡᠨ ᠨᠢ᠂ ᠡᠳᠡᠭᠡᠷ ᠵᠣᠴᠢᠳ ᠤᠨ ᠪᠠᠭᠤᠳᠠᠯ   ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠯᠡᠳᠲᠡ ᠴᠢᠩᠭᠠᠷᠠᠵᠤ᠂  ᠲᠡᠭᠡᠷ᠎ᠡ ᠤᠳᠠᠭᠠᠨ ᠤ ᠪᠠᠶᠢᠴᠠᠭᠠᠯᠳᠠ ᠳᠤ ᠢᠯᠡᠷᠡᠭᠰᠡᠨ ᠠᠰᠠᠭᠤᠳᠠᠯ ᠪᠠ ᠬᠡᠮ ᠰᠣᠭᠤᠭ   ᠢ ᠦᠨᠳᠦᠰᠦᠨ ᠳᠡᠭᠡᠨ ᠴᠡᠭᠴᠡᠯᠡᠨ ᠰᠠᠶᠢᠵᠢᠷᠠᠭᠤᠯᠤᠭᠠᠳ᠂  ︽  ᠱᠠᠭᠠᠷᠳᠠᠯᠭ᠎ᠠ ᠶᠢᠨ ᠪᠢᠴᠢᠭ︾ ᠶᠤᠰᠤᠭᠠᠷ  ᠤᠷᠤᠵᠤ ᠭᠠᠷᠤᠭᠰᠠᠳ ᠢ ᠲᠠᠩᠰᠠᠯᠠᠬᠤ᠂ ᠲᠣᠭᠲᠠᠭᠰᠠᠨ ᠴᠠᠭ ᠲᠤ ᠠᠷᠢᠭᠤᠳᠬᠠᠵᠤ᠂  ᠪᠡᠶ᠎ᠡ ᠶᠢᠨ ᠬᠠᠯᠠᠭᠤᠨ ᠢ ᠬᠡᠮᠵᠢᠬᠦ᠂  ︽ᠲᠠᠯᠠᠪᠤᠷ ᠤᠨ ᠨᠣᠮᠧᠷ︾ ᠢ  ᠰᠢᠷᠪᠢᠬᠦᠯᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ  ᠢ  ᠨᠠᠶᠢᠳᠠᠪᠤᠷᠢᠵᠢᠭᠤᠯᠬᠤ ᠪᠤᠯᠵᠠᠢ᠃ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠤᠤᠱᠳᠠᠢ ᠴᠢᠩᠭ᠎ᠠ ᠨᠠᠶᠢᠳᠠᠪᠤᠷᠢᠵᠢᠭᠤᠯᠤᠭᠠᠳᠤᠢ ᠵᠣᠴᠢᠳ ᠤᠨ ᠪᠠᠭᠤᠳᠠᠯ ᠳᠤ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ  ᠲᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠴᠢᠩᠭ᠎ᠠ ᠱᠠᠭᠠᠷᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠤᠰ ᠬᠤᠰᠢᠭᠤᠨ ᠤ  ᠬᠢᠨ ᠬᠠᠮᠲᠤᠷᠠᠭᠰᠠᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ︽ᠡᠷᠬᠢᠨ ᠬᠠᠷᠠᠬᠤ︾ ᠠᠷᠭ᠎ᠠ ᠬᠡᠯᠪᠡᠷᠢ ᠪᠠᠷ ᠡᠯ᠎ᠡ ᠡᠵᠡᠩᠨᠡᠯᠲᠡ ᠶᠢᠨ ᠲᠠᠯᠠᠪᠤᠷ ᠤᠨ ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠰᠡᠷᠭᠡᠶᠢᠯᠡᠯᠲᠡ ᠶᠢᠨ ᠱᠤᠭᠤᠮ ᠢ ᠪᠠᠳᠤ ᠴᠤᠭᠴᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号