9 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠬᠤᠷᠠᠯ ᠵᠢᠴᠢ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠶᠢᠰᠦᠳᠦᠭᠡᠷ ᠤᠳᠠᠭᠠᠨ ᠤ ᠲᠤᠭᠳᠠᠮᠠᠯ ᠬᠤᠷᠠᠯ ᠢ ᠬᠤᠷᠠᠯᠳᠤᠭᠤᠯᠵᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ | ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠠᠢ᠃ ᠴᠧᠨ ᠶᠠᠨ ᠪᠦᠦ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠳᠠᠯ | ᠦᠭᠡᠢ ᠬᠤᠷᠠᠯᠳᠤᠬᠤ ᠪᠠᠷ ᠪᠠᠶᠢᠭ᠎ᠠ ᠪᠤᠯᠬᠤᠷ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ | ᠭᠤᠣᠯᠳᠠᠯᠭ᠎ᠠ ᠲᠠᠢ ᠠᠵᠢᠯ ᠲᠥᠷᠥᠯ ᠬᠦᠷᠢᠶ᠎ᠡ ᠴᠠᠷᠠᠭ᠎ᠠ ᠶᠢ ᠰᠠᠶᠢᠳᠤᠷ ᠠᠩᠬᠠᠷᠤᠨ᠂ ᠠᠮᠤᠷ ᠲᠦᠪᠰᠢᠨ ᠤ | ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠥᠬᠦ ᠬᠤᠰᠢᠭᠤᠨ ᠤ ᠠᠮᠤᠷ ᠲᠤᠭᠳᠠᠭᠤᠨ ᠪᠠᠶᠢᠳᠠᠯ ᠢ ᠪᠠᠲᠤᠯᠠᠬᠤ | ᠬᠡᠷᠡᠭᠲᠡᠢ᠃ ᠡᠯ᠎ᠡ ᠠᠵᠤ ᠠᠬᠤᠶᠢᠯᠠᠯ ᠨᠢ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠤᠯᠪᠠᠰᠤᠷᠠᠯ ᠬᠥᠮᠦᠵᠢᠯ ᠢ ᠴᠢᠩᠭᠠᠳᠬᠠᠨ᠂ ᠠᠶᠤᠯᠬᠦᠢ | ᠦᠢᠯᠡᠳᠪᠦᠷᠢᠯᠡᠯ ᠳᠤ ᠬᠡᠷᠡᠭᠰᠡᠬᠦ ᠬᠥᠮᠥᠨ ᠤ ᠬᠦᠴᠦᠨ᠂ ᠪᠣᠳᠠᠰ ᠤᠨ ᠬᠦᠴᠦᠨ ᠪᠣᠯᠣᠨ ᠪᠡᠯᠡ ᠮᠥᠩᠭᠦ ᠶᠢᠨ | ᠣᠷᠣᠭᠤᠯᠤᠯᠲᠠ ᠶᠢ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠡᠭᠦᠨ ᠤ ᠬᠠᠮᠲᠤ᠂ ᠬᠢᠵᠢᠭ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠠᠷᠢᠶ᠎ᠠ ᠭᠠᠵᠠᠷ᠂ | ᠰᠠᠯᠠᠭ᠎ᠠ ᠮᠥᠴᠢᠷ᠂ ᠬᠠᠮᠳᠤ ᠨᠢᠭᠡᠴᠡ᠂ ᠬᠤᠪᠢ ᠬᠥᠮᠥᠨ︾ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ | ᠦᠷᠭᠦᠯᠵᠢᠯᠡᠨ ᠴᠢᠩᠭᠠᠳᠬᠠᠵᠤ᠂ ︽ ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ | ᠪᠠᠳᠤ ᠰᠠᠬᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠶᠢᠨ ᠶᠦᠩ ᠾᠧ ᠨᠠᠮ ᠤᠨ ᠬᠤᠷᠢᠳᠤᠭᠠᠷ ᠶᠡᠭᠡ | ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠨᠠᠮᠤᠷ ᠤᠨ ᠤᠯᠠᠷᠢᠯ ᠤᠨ ᠤᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠬᠤ | ᠲᠤᠬᠠᠢ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠡᠷᠳᠡᠨᠢᠪᠠᠭᠠᠳᠤᠷ᠂ ᠣᠶᠤᠨᠴᠢᠮᠡᠭ᠂ ᠪᠦᠦ | ᠴᠢᠩ ᠱᠠᠨ᠂ ᠴᠢᠨ ᠢ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠬᠦᠨ ᠨᠢᠭᠡᠴᠡ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |