ᠲᠠᠶᠢᠹᠤᠰᠧ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/9/26
  9 ᠰᠠᠷ᠎ᠠ ᠶᠢᠨ 23 ᠤ ᠡᠳᠦᠷ᠂  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ  ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠶᠠ ᠱᠧᠩ ᠬᠤᠷᠠᠯ ᠢ ᠡᠷᠬᠢᠯᠡᠵᠦ᠂ ᠡᠯ᠎ᠡ ᠰᠤᠮᠤ ᠰᠢᠶᠠᠩ ᠪᠠᠯᠭᠠᠰᠤᠨ ᠤ ᠳᠠᠷᠤᠭ᠎ᠠ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠮᠤ ᠰᠢᠶᠠᠩ ᠪᠠᠯᠭᠠᠰᠤᠨ ᠤ ᠳᠡᠳ᠋ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ ᠪᠠ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠡᠯ᠎ᠡ ᠰᠤᠮᠤ ᠰᠢᠶᠠᠩ ᠪᠠᠯᠭᠠᠰᠤᠨ ᠤ 2023 ᠣᠨ ᠳᠤ ᠭᠡᠷᠡᠭᠵᠢᠬᠦᠯᠬᠦ ᠲᠦᠷᠦᠯ ᠵᠦᠢᠯ ᠤᠨ ᠲᠦᠯᠦᠪᠯᠡᠭᠡᠨ ᠤ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠴᠤ᠂ ᠨᠢᠭᠡᠳ ᠨᠢᠭᠡ ᠪᠠᠷ ᠵᠠᠳᠠᠯᠤᠨ ᠰᠢᠨᠵᠢᠯᠡᠵᠦ ᠰᠤᠳᠤᠯᠤᠨ  ᠮᠠᠭᠠᠳᠯᠠᠭᠰᠠᠨ ᠪᠦᠭᠡᠳ ᠣᠳᠣᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠲᠦᠷᠦᠯ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠳᠡ᠂ ᠲᠦᠷᠦᠯ ᠵᠦᠢᠯ ᠤᠨ ᠬᠠᠮᠢᠶᠠᠷᠤᠯᠲᠠ᠂ ᠵᠣᠷᠯᠣᠩ ᠤᠨ ᠦᠬᠡᠷᠡᠴᠢᠯᠡᠯᠳᠡ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤᠨ ᠤ  ᠬᠢᠨ ᠲᠠᠨᠢᠯᠲᠠ ᠪᠠᠨ ᠲᠠᠬᠢᠨᠳᠠ ᠲᠡᠭᠡᠭᠰᠢᠯᠡᠬᠦᠯᠵᠦ᠂ ᠬᠠᠷᠢᠭᠤᠴᠠᠯᠭ᠎ᠠ ᠪᠠᠨ ᠲᠠᠬᠢᠨᠳᠠ ᠲᠤᠳᠤᠷᠬᠠᠶᠢᠯᠠᠨ᠂ ᠠᠵᠢᠯ ᠢᠶᠠᠨ ᠳᠠᠬᠢᠨ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠦᠯᠦᠪᠵᠢᠬᠦᠯᠭᠡ ᠪᠠ ᠭᠡᠷᠡᠭᠵᠢᠬᠦᠯᠦᠯᠳᠡ ᠶᠢ ᠴᠢᠬᠤᠯᠠ ᠪᠠᠶᠢᠷᠢᠨ ᠳᠤ ᠲᠠᠯᠪᠢᠵᠤ᠂ ᠠᠵᠤ ᠦᠢᠯᠡᠰ ᠢ ᠬᠦᠭᠵᠢᠬᠦᠯᠦᠨ ᠦᠷ᠎ᠡ ᠠᠰᠢᠭ ᠣᠯᠬᠤ ᠶᠢ ᠦᠨᠡᠨᠬᠦ ᠪᠡᠶᠡᠯᠡᠭᠦᠯᠵᠦ᠂ ᠡᠯ᠎ᠡ ᠭᠠᠵᠠᠷ ᠤᠨ ᠣᠨᠴᠠᠯᠢᠭ ᠪᠠ ᠪᠠᠶᠢᠭᠠᠯᠢ ᠶᠢᠨ ᠨᠥᠬᠦᠴᠡᠯ ᠲᠠᠢ ᠭᠦᠢᠴᠡᠳ ᠤᠶᠠᠯᠳᠤᠭᠤᠯᠤᠨ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ᠂ ᠵᠠᠮ ᠨᠡᠭᠡᠭᠡᠵᠦ ᠰᠢᠨ᠎ᠡ ᠶᠢ ᠡᠭᠦᠳᠦᠨ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ᠃ ᠲᠤᠰ ᠪᠡᠶ᠎ᠡ ᠶᠢᠨ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠨ ᠲᠦᠷᠦᠯ ᠵᠦᠢᠯ  ᠨᠦᠬᠡᠴᠡᠯᠡᠬᠦ ᠶᠢ ᠴᠢᠩᠭ᠎ᠠ ᠠᠳᠬᠤᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠲᠡᠶᠢᠯᠬᠦ᠂ ᠬᠠᠪᠰᠤᠷᠤᠨ ᠲᠡᠳᠬᠦᠬᠦ ᠨᠢᠭᠤᠷᠯᠠᠯ ᠤᠨ ᠣᠷᠣᠯᠭ᠎ᠠ ᠶᠢ  ᠨᠡᠮᠡᠭᠳᠡᠬᠦᠯᠵᠦ ᠲᠡᠶᠢᠯᠬᠦ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠰᠤᠳᠤᠯᠤᠨ    ᠲᠥᠯᠥᠪᠵᠢᠭᠦᠯᠵᠦ᠂ ᠪᠡᠯᠡ ᠮᠥᠩᠭᠦ ᠨᠢ ᠲᠦᠷᠦᠯ ᠵᠦᠢᠯ ᠢ ᠲᠠᠭᠠᠬᠤ᠂ ᠲᠦᠷᠦᠯ ᠵᠦᠢᠯ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠴᠡᠭᠡ ᠶᠢ ᠲᠠᠭᠠᠬᠤ ᠶᠢ ᠪᠡᠶᠡᠯᠡᠬᠦᠯᠵᠦ᠂   ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃  ᠡᠭᠦᠷᠭᠡ ᠬᠠᠷᠠᠯᠲᠠ ᠪᠠᠨ ᠰᠠᠶᠢᠳᠤᠷ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠤᠤᠯ ᠤᠨ ᠰᠠᠭᠤᠷᠢᠨ ᠳᠡᠭᠡᠷ᠎ᠡ ᠪᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠨᠡᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂  ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠡᠭᠦᠷᠭᠡ ᠶᠢ ᠲᠤᠭᠳᠠᠭᠰᠠᠨ ᠴᠠᠭ ᠲᠤ  ᠪᠡᠶᠡᠯᠡᠬᠦᠯᠦᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号