ᠬᠤᠩ ᠴᠢ ᠪᠠᠯᠭᠠᠰᠤ᠄ ᠭᠦᠨᠵᠡᠭᠡᠢ ᠪᠠᠶᠢᠴᠠᠭᠠᠵᠤ ᠨᠢᠮᠪᠠᠢ ᠰᠤᠳᠤᠯᠤᠨ ᠪᠣᠳᠠᠲᠠᠢ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2022/9/26
    ᠣᠶᠢᠷ᠎ᠠ ᠳᠤ᠂  ᠬᠤᠩ ᠴᠢ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠢ ᠤᠭᠳᠤᠬᠤ ᠡᠯ᠎ᠡ ᠲᠦᠷᠦᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂  ᠬᠠᠤᠯᠢ  ᠴᠠᠭᠠᠵᠠ ᠶᠢᠨ ᠰᠠᠯᠪᠤᠷᠢ᠂ ᠲᠣᠮᠢᠯᠠᠭᠰᠠᠨ ᠰᠠᠯᠪᠤᠷᠢ ᠲᠠᠢ ᠬᠠᠮᠳᠤᠷᠠᠵᠤ ᠂ ᠡᠯ᠎ᠡ ᠲᠣᠰᠬᠤᠨ ᠳᠤ ᠬᠦᠨᠵᠡᠬᠡᠶᠢᠷᠡᠨ᠂  ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠤᠳᠠᠳᠠᠢ ᠠᠰᠠᠭᠤᠳᠠᠯ ᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ᠂ ᠠᠮᠤᠷ ᠲᠦᠪᠰᠢᠨ ᠡᠮᠬᠢ ᠵᠢᠷᠤᠮ ᠲᠠᠢ ᠨᠡᠶᠢᠭᠡᠮ ᠤᠨ ᠣᠷᠴᠢᠨ ᠨᠥᠬᠦᠴᠡᠯ ᠢ  ᠡᠬᠦᠳᠴᠦ ᠪᠠᠶᠢᠨ᠎ᠠ᠃  ᠠᠵᠢᠯᠯᠠᠬᠤ ᠳᠤᠭᠤᠶᠢᠯᠠᠩ ᠤᠨ ᠬᠢᠨ ᠲᠣᠰᠬᠤᠨ ᠤ ᠺᠠᠳ᠋ᠷ᠂ ᠤᠯᠠᠨ ᠲᠦᠮᠡᠨ ᠲᠠᠢ  ᠰᠡᠳᠬᠢᠯ ᠤᠨ ᠦᠬᠡ  ᠪᠠᠨ ᠲᠡᠯᠭᠡᠨ ᠵᠤᠭᠤᠭᠳᠠᠬᠤ  ᠬᠡᠯᠪᠡᠷᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂  ᠰᠢᠢᠳᠪᠦᠷᠢᠯᠡᠵᠦ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠨ᠂  ᠰᠢᠢᠳᠪᠦᠷᠢᠯᠡᠵᠦ ᠲᠡᠶᠢᠯᠬᠦ ᠦᠭᠡᠢ ᠶᠢ ᠨᠢ ᠣᠶᠢᠷ᠎ᠠ ᠶᠢᠨ ᠬᠤᠭᠤᠴᠠᠭᠠᠨ ᠳᠤ ᠰᠢᠢᠳᠪᠦᠷᠢᠯᠡᠬᠦ ᠪᠠᠷ ᠠᠮᠠᠯᠠᠵᠠᠢ᠃  ᠠᠵᠢᠯᠯᠠᠬᠤ ᠳᠤᠭᠤᠶᠢᠯᠠᠩ ᠤᠨ  ᠬᠢᠨ ᠡᠯ᠎ᠡ ᠲᠤᠰᠬᠤᠨ ᠪᠤᠶᠤ ᠠᠵᠤ ᠠᠬᠤᠶᠢᠯᠠᠯ ᠢᠶᠠᠷ ᠲᠤᠭᠤᠷᠢᠨ ᠰᠤᠷᠪᠤᠯᠵᠢᠯᠠᠬᠤ ᠳᠠᠭᠠᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠤᠭᠳᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠤᠬᠠᠭᠤᠯᠭ᠎ᠠ ᠬᠥᠮᠦᠵᠢᠯ   ᠤᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠭᠠᠴᠠᠭᠠᠨ ᠤ ᠺᠠᠳ᠋ᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂  ᠲᠡᠳᠡᠨ ᠳᠤ ᠡᠯ᠎ᠡ ᠲᠦᠷᠦᠯ ᠵᠦᠢᠯ ᠤᠨ ᠭᠡᠮ ᠰᠣᠭᠤᠭ ᠢ  ᠡᠷᠭᠡᠪᠰᠢ ᠨᠠᠷᠢᠨ ᠨᠢᠮᠪᠠᠢ ᠪᠠᠶᠢᠴᠠᠭᠠᠵᠤ᠂  ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠬᠤᠩ ᠴᠢ ᠪᠠᠯᠭᠠᠰᠤᠨ ᠤ ᠬᠢᠨ  ᠰᠡᠷᠭᠡᠶᠢᠯᠡᠯᠳᠡ ᠶᠢᠨ ᠤᠬᠠᠮᠰᠠᠷ ᠢ  ᠤᠯᠠᠮ ᠴᠢᠩᠭᠠᠳᠬᠠᠨ᠂  ᠬᠠᠷᠢᠭᠤᠴᠠᠯᠭ᠎ᠠ ᠡᠭᠦᠷᠭᠡᠯᠡᠯ ᠢ ᠪᠠᠲᠤᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠰᠠᠭᠤᠳᠠᠯ ᠢ ᠲᠤᠶᠢᠯᠪᠤᠷᠢᠳᠠᠢ ᠪᠠᠶᠢᠴᠠᠭᠠᠨ ᠴᠡᠭᠴᠡᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠡᠯ᠎ᠡ  ᠲᠦᠷᠦᠯ ᠤᠨ ᠠᠵᠢᠯ ᠦᠢᠯᠡᠰ ᠢ ᠰᠠᠶᠢᠲᠤᠷ ᠦᠷᠨᠢᠬᠦᠯᠬᠦ ᠳᠤ ᠪᠠᠲᠤᠯᠠᠭ᠎ᠠ  ᠬᠠᠩᠭᠠᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号