ᠶᠦᠩ ᠹᠧᠩ ᠪᠠᠯᠭᠠᠰᠤ ᠵᠤᠷᠯᠤᠩ ᠤᠨ ᠦᠬᠡᠷᠡᠴᠢᠯᠡᠯᠳᠡ ᠶᠢᠨ ︽ᠡᠷᠬᠢᠨ ᠬᠠᠷᠠᠬᠤ︾ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/9/26
    ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠲᠦᠮᠵᠢᠲᠡᠶ ᠠᠬᠢᠭᠤᠯᠵᠤ᠂  ᠠᠵᠢᠯ ᠡᠭᠦᠷᠭᠡ ᠶᠢ ᠨᠢᠮᠪᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 24 ᠤ ᠡᠳᠦᠷ ᠶᠦᠩ ᠹᠧᠩ  ᠪᠠᠯᠭᠠᠰᠤ ᠨᠢ  ᠵᠣᠷᠯᠣᠩ  ᠤᠨ ᠦᠬᠡᠷᠡᠴᠢᠯᠡᠯᠳᠡ ᠶᠢᠨ ︽ᠡᠷᠬᠢᠨ ᠬᠠᠷᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ  ᠵᠣᠷᠯᠣᠩ  ᠤᠨ ᠦᠬᠡᠷᠡᠴᠢᠯᠡᠯᠳᠡ  ᠳᠤ ᠬᠤᠯᠪᠣᠭᠳᠠᠭᠰᠠᠨ 7  ᠲᠣᠰᠬᠤᠨ ᠤ  ᠨᠠᠮ ᠤᠨ ᠡᠬᠦᠷ ᠤᠨ ᠱᠦᠵᠢ ᠠᠴᠠ  ︽ᠡᠷᠬᠢᠨ ᠬᠠᠷᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠤᠨ ᠲᠤᠬᠠᠢ ᠲᠤᠰᠪᠤᠷᠢ ᠶᠠᠷᠢᠶ᠎ᠠ ᠲᠠᠯᠪᠢᠵᠤ᠂ ᠲᠠᠷᠠᠭᠠᠴᠢ ᠶᠢᠨ ᠠᠯᠬᠤᠮ  ᠤᠨ  ᠪᠠᠳᠤᠳᠬᠠᠨ ᠬᠠᠮᠠᠭᠠᠯᠠᠬᠤ ᠠᠵᠢᠯ ᠤᠨ ᠲᠤᠬᠠᠢ ᠰᠤᠳᠤᠯᠤᠨ ᠶᠠᠷᠢᠯᠴᠠᠭᠰᠠᠨ ᠪᠠᠶᠢᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠠᠴᠠ  ᠵᠣᠷᠯᠣᠩ  ᠤᠨ ᠦᠬᠡᠷᠡᠴᠢᠯᠡᠯᠳᠡ ᠶᠢ ᠬᠢᠬᠦ ᠶᠠᠪᠤᠴᠠ ᠳᠤ ᠢᠯᠡᠷᠡᠭᠰᠡᠨ ᠠᠰᠠᠭᠤᠳᠠᠯ ᠤᠨ ᠲᠤᠬᠠᠢ ᠪᠣᠳᠠᠲᠠᠢ  ᠪᠠᠶᠢᠷᠢᠯᠠᠭᠤᠯᠤᠯᠳᠠ ᠬᠢᠵᠦ᠂  ᠥᠭᠡᠷᠡᠴᠢᠯᠡᠭᠰᠡᠨ ᠤ ᠲᠠᠷᠠᠭᠠᠬᠢ ᠬᠠᠮᠠᠭᠠᠯᠠᠯᠳᠠ ᠶᠢᠨ ᠠᠵᠢᠯ ᠤᠨ ᠲᠠᠯ᠎ᠠ ᠪᠠᠷ ᠲᠠᠶᠢᠯᠤᠮᠵᠢ ᠬᠢᠵᠡᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠴᠠ  ᠂ ᠤᠯᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃  ᠤᠬᠠᠭᠤᠯᠭ᠎ᠠ ᠵᠢᠯᠤᠭᠤᠳᠤᠯᠭ᠎ᠠ ᠶᠢ ᠰᠠᠶᠢᠨ ᠬᠢᠵᠦ ᠂  ᠵᠤᠷᠯᠤᠩ ᠤᠨ ᠠᠰᠢᠭᠯᠠᠯᠳᠠ ᠶᠢᠨ ᠨᠣᠷᠮ᠎ᠠ ᠶᠢ ᠲᠡᠭᠡᠭᠰᠢᠯᠡᠬᠦᠯᠦᠨ᠂   ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ ᠂  ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠭᠡᠷᠡᠭᠳᠡᠢ ᠬᠡᠵᠦ ᠴᠢᠬᠤᠯᠠᠴᠢᠯᠠᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠬᠡᠰᠡᠭ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号