ᠦ᠋ ᠴᠢᠩ ᠬᠤᠸᠠ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2022/9/27
  9 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂  ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ ᠲᠠᠶᠢᠹᠤᠰᠧ ᠬᠤᠰᠢᠭᠤᠨ ᠳᠤ  ᠬᠦᠨᠵᠡᠬᠡᠶᠢᠷᠡᠵᠦ᠂ ᠠᠵᠤ ᠠᠬᠤᠢ ᠶᠢᠨ ᠡᠷᠬᠢᠯᠳᠡ᠂  ᠲᠥᠷᠥᠯ ᠵᠦᠢᠯ ᠤᠨ ᠬᠡᠷᠡᠭᠵᠢᠭᠦᠯᠦᠯᠲᠡ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠰᠢᠶᠠᠩ ᡁᠢ ᠴᠢᠶᠠᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ᠂   ᠳᠡᠳ᠋  ᠬᠤᠰᠢᠭᠤ ᠳᠠᠷᠤᠭ᠎ᠠ ᠰᠢᠦᠢ ᠢ ᠱᠢ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃  ᠦ᠋ ᠴᠢᠩ ᠬᠤᠸᠠ ᠵᠡᠷᠭᠡ ᠬᠦᠮᠦᠰ ᠤᠷᠢᠳ ᠬᠤᠵᠢᠳ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠲᠠᠩ ᠾᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠵᠢᠩ ᠶᠤᠸᠠᠨ ᠢᠳᠡᠰᠢᠨ ᠳᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠪᠠ  ᠠᠵᠤ ᠠᠬᠤᠶᠢᠯᠠᠯ ᠢ ᠬᠠᠪᠰᠤᠷᠤᠨ  ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ  ᠶᠢ ᠨᠠᠷᠢᠨ ᠤᠶᠢᠯᠠᠭᠠᠭᠰᠠᠨ ᠪᠠᠶᠢᠨ᠎ᠠ᠃ ᠦ᠋ ᠴᠢᠩ ᠬᠤᠸᠠ ᠴᠢᠬᠤᠯᠠᠴᠢᠯᠠᠬᠤ ᠳᠠᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠨᠢ  ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠥᠭᠵᠢᠯᠲᠡ ᠶᠢᠨ ᠴᠢᠭᠯᠡᠯ ᠢ ᠰᠠᠶᠢᠲᠤᠷ ᠡᠵᠡᠮᠳᠡᠨ᠂ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠶᠢᠨ ᠠᠵᠠ ᠲᠣᠬᠢᠶᠠᠯ ᠢ  ᠵᠠᠪᠳᠤᠨ᠂  ᠴᠢᠳᠠᠪᠤᠷᠢᠲᠠᠨ ᠢ ᠬᠥᠮᠥᠵᠢᠭᠦᠯᠬᠦ ᠪᠠ  ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂  ᠦᠷᠢᠰᠦᠯᠳᠦᠬᠡᠨ ᠤ ᠴᠢᠳᠠᠪᠤᠷᠢ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠪᠳᠡᠷᠡᠯᠴᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠦᠴᠦᠲᠡᠢ ᠳᠡᠮᠵᠢᠯᠭᠡ ᠦᠵᠡᠬᠦᠯᠦᠨ᠂  ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠦᠨᠡᠨ ᠰᠡᠳᠬᠢᠯ ᠠᠴᠠ ᠪᠠᠨ  ᠰᠢᠢᠳᠪᠦᠷᠢᠯᠡᠵᠦ᠂ ᠠᠵᠤ ᠠᠬᠤᠶᠢᠯᠠᠯ ᠳᠤ ᠦᠨᠡᠨᠬᠦ ᠨᠡᠩ ᠢᠯᠡᠬᠦᠦ ᠲᠦᠬᠦᠮ ᠦᠵᠡᠭᠦᠯᠵᠦ᠂ ᠠᠵᠤ ᠠᠬᠤᠶᠢᠯᠠᠯ ᠤᠨ ᠡᠷᠡᠭᠦᠯ ᠲᠦᠷᠭᠡᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ ᠦ᠋ ᠴᠢᠩ ᠬᠤᠸᠠ ᠵᠡᠷᠭᠡ ᠬᠦᠮᠦᠰ ᠪᠠᠰᠠ  ᠬᠤᠩ ᠴᠢ ᠪᠠᠯᠭᠠᠰᠤᠨ  ᠤ ᠬᠤᠩ ᠰᠢ ᠲᠣᠰᠬᠤᠨ ᠪᠠ ᠬᠤᠩ ᠴᠢ ᠲᠣᠰᠬᠤᠨ ᠳᠤ ᠭᠦᠨᠵᠡᠭᠡᠶᠢᠷᠡᠵᠦ᠂ ᠵᠠᠭᠤᠨ ᠮᠦ ᠶᠢᠨ ᠬᠥᠷᠥᠰᠥ ᠰᠢᠷᠣᠢ ᠰᠠᠶᠢᠵᠢᠷᠠᠭᠤᠯᠬᠤ ᠮᠡᠷᠭᠡᠵᠢᠯ ᠤᠨ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠡᠷᠡᠨ ᠬᠤᠸᠠᠷ ᠤᠨ ᠦᠷ᠎ᠡ ᠢᠯᠭᠠᠷᠠᠭᠤᠯᠬᠤ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠤ ᠦᠢᠯᠡᠰ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠢᠯᠤᠭᠤᠳᠤᠯᠭ᠎ᠠ ᠶᠢᠨ ᠴᠢᠨᠠᠷᠳᠠᠢ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃  ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠦᠷᠢᠶᠡᠯᠡᠩ ᠲᠣᠭᠤᠷᠢᠭ ᠤᠨ ᠬᠠᠮᠢᠶᠠᠷᠤᠯᠳᠠ ᠶᠢᠨ ᠵᠦᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号