ᠴᠢᠶᠠᠨ ᠶᠢᠨ ᠭᠧᠦ ᠪᠠᠯᠭᠠᠰᠤᠨ ᠤ ᠬᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ  ᠵᠢᠯᠤᠭᠤᠳᠤᠭᠰᠠᠨ
ᠨᠡᠶᠢᠲᠡᠯᠡᠭᠰᠡᠨ ᠴᠠᠭ᠄
2022/9/27
   9 ᠰᠠᠷ᠎ᠠ ᠶᠢᠨ 26 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ  ᠹᠧᠩ ᠦ᠋  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠱᠢ ᠵᠢᠶᠠᠨ ᠪᠥᠸᠧ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠵᠠᠩ ᠸᠧᠨ ᠲᠤᠤ ᠵᠡᠷᠭᠡ ᠤᠳᠤᠷᠢᠳᠤᠯᠭ᠎ᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠃  ᠤᠳᠤᠷᠢᠳᠤᠯᠭ᠎ᠠ ᠨᠠᠷ ᠵᠢᠦ ᠶᠢᠩ ᠫᠠᠨ ᠲᠣᠰᠬᠤᠨ᠂ ᠰᠢᠩ ᠯᠦᠩ ᠭᠧᠦ ᠲᠣᠰᠬᠤᠨ᠂ ᠰᠢ ᠱᠠᠨ ᠫᠦᠸᠧ ᠲᠣᠰᠬᠤᠨ᠂ ᠰᠢᠶᠣᠣ ᠯᠢ ᠶᠢᠩ ᠽᠢ ᠲᠤᠰᠬᠤᠨ ᠤ ᠠᠮᠤᠷ ᠢ ᠬᠠᠮᠠᠭᠠᠯᠠᠬᠤ  ᠪᠠᠶᠢᠴᠠᠭᠠᠯᠲᠠ ᠶᠢᠨ ᠴᠡᠭ ᠲᠤ ᠬᠦᠷᠴᠦ᠂   ᠬᠠᠲᠠᠭᠤ  ᠲᠤᠨᠤᠭ ᠪᠤᠯᠤᠨ ᠡᠳ᠋ ᠪᠣᠳᠠᠰ ᠤᠨ ᠨᠥᠭᠡᠴᠡ  ᠂  ᠤᠷᠤᠵᠤ ᠭᠠᠷᠤᠭᠰᠠᠨ ᠬᠦᠮᠦᠨ ᠤ ᠪᠦᠷᠢᠳᠬᠡᠯ ᠤᠨ ᠲᠠᠩᠰᠠ ᠵᠡᠷᠭᠡ ᠶᠢ ᠪᠠᠶᠢᠴᠠᠭᠠᠨ ᠣᠶᠢᠯᠠᠭᠠᠭᠰᠠᠨ ᠪᠥᠭᠡᠳ ᠠᠵᠢᠯᠳᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ  ᠬᠦᠨᠳᠦᠳᠬᠡᠯ ᠲᠠᠯᠠᠷᠬᠠᠯ ᠳᠡᠪᠰᠢᠭᠦᠯᠵᠡᠢ᠃ ᠵᠠᠩ ᠹᠧᠩ ᠦ᠋ ᠴᠢᠬᠤᠯᠠᠴᠢᠯᠠᠬᠤ  ᠳᠠᠭᠠᠨ᠂ ᠤᠯᠤᠰ ᠤᠨ ᠪᠠᠶᠠᠷ ᠣᠶᠢᠷᠠᠳᠴᠤ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠵᠠᠩᠭᠢᠯᠠᠭ᠎ᠠ ᠶᠢᠨ ᠮᠦᠴᠡ ᠳᠤ᠂ ᠣᠯᠠᠨ ᠢᠶᠠᠷ ᠢᠶᠠᠨ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠵᠦ᠂ ᠪᠣᠭᠤᠮᠲᠠ ᠪᠠᠷ ᠤᠷᠤᠵᠤ ᠭᠠᠷᠬᠤ ᠲᠡᠷᠭᠡ ᠬᠦᠰᠭᠡ ᠪᠠ ᠬᠦᠮᠦᠨ ᠬᠠᠷ᠎ᠠ ᠶᠢᠨ ᠪᠠᠶᠢᠴᠠᠭᠠᠯᠳᠠ ᠬᠠᠮᠢᠶᠠᠷᠤᠯᠳᠠ ᠶᠢ ᠴᠢᠩᠭ᠎ᠠ ᠭᠡᠷᠡᠭᠵᠢᠬᠦᠯᠦᠨ᠂ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠶᠢᠨ ᠬᠠᠮᠳᠤ  ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ ᠢ ᠰᠠᠶᠢᠨ ᠬᠢᠵᠦ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠵᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂  ︽ᠭᠤᠷᠪᠠᠨ ᠶᠠᠪᠤᠳᠠᠯ︾ ᠢ ᠢᠯᠡ ᠪᠣᠯᠭᠠᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠥᠭᠡᠳ ᠬᠢᠵᠢᠭ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ  ᠤᠶᠢᠯᠠᠭᠠᠭᠰᠠᠨ ᠤ ᠲᠠᠷᠠᠭ᠎ᠠ ᠵᠠᠩ ᠹᠧᠩ ᠡᠤ  ᠱᠠᠭᠠᠷᠳᠠᠬᠤ ᠳᠠᠭᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠤᠶᠠᠷ ᠵᠥᠪᠯᠡᠯ︾ ᠪᠠ ᠨᠠᠮ ᠤᠨ ᠭᠡᠰᠢᠭᠦᠨ ᠤ  ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠢᠯᠡ ᠪᠣᠯᠭᠠᠬᠤ ᠠᠷᠭ᠎ᠠ ᠮᠠᠶ᠋ᠢᠭ᠂ ᠬᠦᠷᠢᠶ᠎ᠡ ᠬᠡᠪᠴᠢᠶ᠎ᠡ᠂ ᠠᠯᠬᠤᠮ ᠶᠠᠪᠤᠴᠠ᠂ ᠴᠠᠭ  ᠬᠤᠭᠤᠴᠠᠭ᠎ᠠ ᠵᠡᠷᠭᠡ ᠦᠨᠳᠦᠰᠦᠨ ᠮᠡᠳᠡᠯᠭᠡ ᠶᠢ  ᠰᠠᠶᠢᠳᠤᠷ  ᠡᠵᠡᠮᠰᠢᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠩᠰᠠ ᠡᠪᠬᠡᠮᠡᠯ ᠤᠨ ᠪᠠᠶᠢᠭᠤᠯᠤᠯᠲᠠ ᠶᠢ  ᠴᠢᠩᠭᠠᠳᠬᠠᠵᠤ᠂ ᠢᠯᠡ ᠪᠣᠯᠭᠠᠬᠤ ᠠᠭᠤᠯᠭ᠎ᠠ ᠶᠢ ᠴᠠᠭ ᠲᠤᠬᠠᠢ ᠳᠤᠨᠢ᠂  ᠲᠦᠷᠢᠮ ᠭᠤᠷᠢᠮ ᠲᠠᠢ᠂ ᠪᠦᠷᠢᠨ ᠬᠦᠢᠴᠡᠳ ᠪᠠᠶᠢᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠶᠢ ᠨᠠᠷᠢᠨ ᠬᠢᠨᠠᠮᠠᠭᠠᠢ ᠰᠤᠨᠤᠰᠤᠨ᠂ ᠤᠯᠠᠨ ᠲᠦᠮᠡᠨ ᠲᠠᠢ ᠣᠶᠢᠷᠠᠲᠤᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠬᠦᠴᠢᠷ ᠶᠠᠪᠤᠳᠠᠯ ᠢ ᠰᠢᠢᠳᠪᠦᠷᠢᠯᠡᠨ  ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠤᠯᠠᠨ ᠲᠦᠮᠡᠨ ᠤ ᠵᠣᠯ  ᠵᠢᠷᠭᠠᠯ ᠤᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂  ᠠᠯᠮᠠᠶᠢᠷᠠᠵᠤ  ᠮᠢᠨᠴᠦᠬᠦᠷᠡᠬᠦ ᠦᠵᠡᠯ ᠰᠠᠨᠠᠭ᠎ᠠ  ᠪᠠ ᠠᠵᠠ ᠬᠠᠷᠠᠬᠤ ᠪᠤᠳᠤᠯ ᠰᠡᠳᠬᠢᠯᠭᠡ ᠶᠢ ᠡᠷᠡᠰ ᠲᠡᠪᠴᠢᠨ᠂ ᠡᠯ᠎ᠡ ᠲᠦᠷᠦᠯ ᠤᠨ ᠲᠦᠭᠰᠢᠭᠦᠷᠢ ᠲᠠᠢ ᠬᠥᠮᠥᠰ ᠢ ᠴᠠᠭ ᠲᠤᠬᠠᠢ ᠳᠤᠨᠢ ᠪᠦᠬᠦ ᠲᠠᠯ᠎ᠠ ᠪᠠᠷ᠂ ᠣᠨᠣᠪᠴᠢᠲᠠᠢ ᠡᠵᠡᠮᠰᠢᠵᠦ᠂ ︽ᠭᠠᠳᠠᠨ᠎ᠠ ᠠᠴᠠ ᠤᠷᠤᠬᠤ ᠶᠢ ᠬᠤᠷᠢᠭᠯᠠᠬᠤ  ︾ ᠰᠡᠷᠭᠡᠶᠢᠯᠡᠯᠲᠡ ᠶᠢᠨ ᠱᠤᠭᠤᠮ ᠢ ᠨᠢᠭᠲᠠ  ᠪᠠᠲᠤ ᠰᠦᠯᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ  ᠮᠦᠷᠳᠡᠭᠡᠨ  ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ  ᠪᠠᠬᠢ ᠪᠤᠢ ᠪᠤᠯᠭᠠᠨ᠂ ᠭᠤᠣᠯᠳᠠᠯᠭ᠎ᠠ ᠲᠠᠢ ᠠᠵᠢᠯ ᠲᠦᠷᠦᠯ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ  ᠰᠠᠶᠢᠳᠤᠷ ᠠᠩᠬᠠᠷᠴᠤ᠂ ᠤᠶᠢᠯᠠᠭᠠᠨ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠠᠰᠠᠭᠤᠳᠠᠯ ᠢ ᠢᠯᠡᠷᠡᠭᠦᠯᠪᠡᠯ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ  ᠪᠠ ᠭᠡᠮ ᠰᠣᠭᠤᠭ ᠢ  ᠴᠤᠬᠤᠶᠢᠮᠠᠭᠴᠠ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠵᠥᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ  ᠳᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠣᠨᠴᠠᠭᠠᠢ ᠬᠥᠮᠥᠰ ᠤᠨ ᠡᠵᠡᠮᠳᠡᠯ ᠬᠠᠮᠢᠶᠠᠷᠤᠯᠲᠠ ᠶᠢ ᠴᠢᠩᠭᠠᠳᠬᠠᠨ᠂  ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠤᠷ ᠲᠣᠭᠲᠠᠭᠤᠨ ᠨᠡᠶᠢᠭᠡᠮ ᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号