ᠲᠠᠶᠢᠹᠤᠰᠧ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠭᠤᠣᠯ ᠰᠡᠳᠦᠪᠲᠦ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠪᠡᠭᠡᠵᠢᠩ ᠬᠤᠳᠠ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2022/9/28
  ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠠᠬᠢᠭᠤᠯᠵᠤ  ᠂ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠵᠤᠷᠢᠯᠭ᠎ᠠ ᠪᠠᠷ ᠡᠷᠬᠢᠯᠡᠭᠰᠡᠨ ᠲᠠᠶᠢᠹᠤᠰᠧ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠭᠤᠣᠯ ᠰᠡᠳᠦᠪᠲᠦ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ  9 ᠰᠠᠷ᠎ᠠ ᠶᠢᠨ 23  ᠤ ᠡᠳᠦᠷ ᠠᠴᠠ 25  ᠤ ᠡᠳᠦᠷ ᠪᠣᠯᠲᠠᠯ᠎ᠠ  ᠪᠡᠭᠡᠵᠢᠩ ᠬᠤᠳᠠ ᠶᠢᠨ ᠴᠠᠩ ᠫᠢᠩ ᠲᠣᠭᠤᠷᠢᠭ ᠤᠨ ᠪᠧᠢ ᠴᠢ ᠵᠢᠶᠠ ᠪᠠᠯᠭᠠᠰᠤᠨ ᠤ ᠮᠢᠩ ᠵᠢᠶᠠ ᠬᠤᠸᠠ ᠶᠤᠸᠠᠨ ᠨᠡᠶᠢᠭᠡᠮ ᠲᠣᠭᠤᠷᠢᠭ᠂  ᠮᠧᠩ ᠲᠧᠦ ᠭᠧᠦ ᠶᠢᠨ ᠶᠦᠩ ᠬᠤᠢ ᠴᠢᠯᠦᠬᠡᠳᠦ ᠳᠡᠯᠭᠡᠭᠦᠷ ᠲᠤ ᠠᠮᠵᠢᠯᠲᠠ ᠲᠠᠢ ᠪᠤᠯᠵᠤ ᠦᠩᠭᠡᠷᠡᠪᠡ᠃  ᠠᠵᠢᠯᠯᠠᠭᠠᠨ ᠤ ᠲᠠᠯᠠᠪᠠᠢ ᠳᠤ᠂ ᠪᠡᠭᠡᠵᠢᠩ ᠬᠤᠳᠠ ᠶᠢᠨ ᠠᠷᠠᠳ ᠢᠷᠭᠡᠳ ᠲᠤ ᠲᠠᠶᠢᠹᠤᠰᠧ ᠨᠤᠳᠤᠭ ᠤᠨ ᠢᠶᠠᠨ ᠣᠨᠴᠠᠯᠢᠭᠲᠤ ᠡᠬᠢ ᠪᠠᠶᠠᠯᠢᠭ ᠢ ᠲᠠᠨᠢᠯᠴᠠᠭᠤᠯᠬᠤ  ᠶᠢᠨ ᠬᠠᠮᠳᠤ ᠤᠷᠠᠨ ᠰᠠᠶᠢᠬᠠᠨ ᠤ ᠲᠣᠭᠯᠠᠯᠲᠠ ᠭᠠᠷᠭᠠᠬᠤ᠂  ᠲᠣᠭᠯᠠᠭᠠᠮ ᠶᠠᠪᠤᠭᠳᠠᠭᠤᠯᠵᠤ ᠪᠡᠯᠡᠭ ᠭᠠᠷᠳᠠᠭᠤᠯᠬᠤ ᠮᠡᠳᠦ ᠶᠢᠨ ᠭᠤᠭᠴᠤᠭ᠎ᠠ ᠶᠢ ᠲᠤᠬᠢᠷᠠᠭᠤᠯᠵᠤ᠂  ᠲᠤᠬᠠᠢ ᠶᠢᠨ ᠭᠠᠵᠠᠷ ᠤᠨ ᠬᠦᠮᠦᠰ ᠶᠡᠭᠡ ᠯᠡ ᠢᠳᠡᠪᠬᠢᠳᠡᠢ ᠪᠠᠷ ᠪᠤᠯᠢᠶᠠᠯᠳᠤᠨ  ᠤᠷᠤᠯᠴᠠᠭᠠᠳ᠂   ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃  ᠲᠠᠶᠢᠹᠤᠰᠧ ᠬᠤᠰᠢᠭᠤᠨ ᠤ ᠲᠠᠯ᠎ᠠ ᠨᠤᠲᠤᠭ  ᠠᠷᠢᠬᠢᠨ ᠦᠢᠯᠡᠳᠪᠦᠷᠢ  ᠂ ᠬᠤᠩ ᠵᠢᠩ ᠶᠤᠸᠠᠨ ᠲᠤᠰᠤᠨ ᠤ ᠦᠢᠯᠡᠳᠪᠦᠷᠢ᠂ ᠴᠠᠩ ᠴᠢ ᠬᠤᠩ ᠮᠢᠬᠠᠨ ᠤ ᠦᠢᠯᠡᠰ᠂ ᠢ ᠶᠤᠸᠠᠨ ᠲᠠᠷᠢᠶᠠᠯᠠᠩ ᠤᠨ ᠦᠢᠯᠡᠰ ᠵᠡᠷᠭᠡ  20 ᠭᠠᠷᠤᠢ ᠣᠨᠴᠠ ᠭᠠᠷᠤᠯᠲᠠ ᠶᠢᠨ ᠠᠵᠤ ᠠᠬᠤᠶᠢᠯᠠᠯ   ᠨᠢ ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠭᠠᠳ᠂ ᠪᠣᠷᠤᠯᠠᠭᠤᠯᠭ᠎ᠠ ᠶᠢᠨ ᠬᠡᠮᠵᠢᠶ᠎ᠡ ᠨᠢ ᠨᠡᠶᠢᠲᠡ 3.2 ᠲᠦᠮᠡᠨ ᠲᠥᠭᠦᠷᠢᠭ ᠲᠤ ᠬᠦᠷᠴᠡᠢ᠃  ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠰᠦᠯᠵᠢᠶᠡᠨ ᠳᠡᠭᠡᠷ᠎ᠡ   ᠦᠨ᠎ᠡ ᠬᠠᠩᠰᠢ ᠶᠢ ᠬᠢᠮᠳᠠᠷᠠᠭᠤᠯᠬᠤ᠂ ᠴᠠᠭ  ᠬᠢᠵᠠᠭᠠᠷᠯᠠᠵᠤ ᠪᠤᠯᠢᠶᠠᠯᠴᠠᠭᠤᠯᠬᠤ ᠵᠡᠷᠭᠡ ᠪᠤᠷᠤᠯᠠᠭᠤᠯᠭ᠎ᠠ ᠶᠢᠨ ᠠᠷᠭ᠎ᠠ  ᠪᠠᠷᠢᠯ ᠢ ᠭᠡᠷᠡᠭᠯᠡᠨ᠂ ᠰᠦᠯᠵᠢᠶᠡᠨ ᠭᠠᠳᠠᠨᠠᠬᠢ ᠠᠬᠤᠢ ᠲᠠᠯᠠᠪᠠᠢ ᠳᠤ ᠲᠤᠰ ᠬᠤᠰᠢᠭᠤᠨ ᠤ ᠪᠠᠨ  ᠠᠷᠢᠬᠢ  ᠂ ᠲᠣᠰᠣ  ᠂    ᠲᠥᠮᠥᠰᠥ᠂ ᠨᠤᠭᠤᠭ᠎ᠠ᠂ ᠮᠢᠬ᠎ᠠ᠂ ᠦᠨᠳᠡᠭᠡ᠂ ᠴᠠᠭᠠᠨ ᠢᠳᠡᠭᠡᠨ᠂ ᠬᠡᠭᠡᠷ᠎ᠡ ᠶᠢᠨ ᠭᠤᠭᠤᠳ᠂  ᠶᠤᠤᠮᠠᠢ ᠶᠢᠨ ᠭᠤᠯᠢᠷ  ᠂  ᠬᠤᠯᠢᠮᠠᠭ ᠠᠮᠤ ᠵᠡᠷᠭᠡ 20 ᠭᠠᠷᠤᠢ ᠲᠦᠷᠦᠯ ᠤᠨ 100 ᠭᠠᠷᠤᠢ ᠵᠦᠢᠯ ᠤᠨ ᠪᠦᠳᠦᠭᠡᠭᠳᠡᠬᠦᠨ ᠢ ᠲᠡᠯᠬᠡᠨ  ᠪᠤᠷᠤᠯᠠᠭᠤᠯᠤᠭᠠᠳ᠂  ᠤᠨᠴᠠᠯᠢᠭᠳᠤ ᠭᠠᠷᠤᠯᠳᠠ ᠪᠦᠳᠦᠭᠡᠭᠳᠡᠬᠦᠨ᠂ ᠬᠢᠮᠳᠠᠷᠠᠯ ᠲᠠᠢ ᠦᠨ᠎ᠡ ᠬᠠᠩᠰᠢ ᠨᠢ ᠬᠤᠳᠠ ᠶᠢᠨ  ᠢᠷᠭᠡᠳ ᠤᠨ ᠠᠩᠬᠠᠷᠤᠯ ᠰᠤᠨᠢᠷᠬᠠᠯ ᠢ ᠶᠡᠬᠡᠪᠡᠷ ᠲᠠᠳᠠᠭᠰᠠᠨ ᠪᠠᠶᠢᠯ᠎ᠠ᠃  ᠡᠨᠡ ᠤᠳᠠᠭᠠᠨ ᠤ ᠠᠵᠢᠯᠯᠠᠭ᠎ᠠ ᠨᠢ ︽ᠬᠡᠷᠡᠭᠯᠡᠭᠡ ᠪᠠᠷ ᠬᠠᠪᠰᠤᠷᠤᠨ ᠲᠡᠳᠬᠦᠬᠦ︾ ᠪᠠᠷ ᠭᠤᠣᠯ ᠰᠡᠳᠦᠪ ᠪᠣᠯᠭᠠᠵᠤ᠂ ︽ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ︾ ᠶᠢᠨ ᠠᠰᠢᠭᠲᠠᠢ ᠲᠣᠬᠢᠶᠠᠯ ᠢ ᠡᠵᠡᠮᠳᠡᠨ᠂ ᠪᠡᠭᠡᠵᠢᠩ ᠤᠨ ᠬᠦᠮᠦᠰ ᠲᠤ ᠲᠠᠶᠢᠹᠤᠰᠧ ᠬᠤᠰᠢᠭᠤᠨ ᠤ  ᠪᠠᠨ ᠨᠤᠳᠤᠭ ᠤᠨ ᠭᠠᠷᠤᠯᠳᠠ ᠶᠢ ᠤᠬᠠᠭᠤᠯᠤᠨ ᠲᠠᠨᠢᠯᠴᠠᠭᠤᠯᠵᠤ  ᠂  ᠨᠤᠳᠤᠭ ᠤᠨ ᠭᠠᠷᠤᠯᠳᠠ ᠪᠠᠨ ᠭᠠᠳᠠᠭᠰᠢ ᠪᠣᠷᠣᠯᠠᠭᠤᠯᠬᠤ ᠶᠢ ᠪᠦᠲᠦᠮᠵᠢᠲᠡᠶ ᠠᠬᠢᠭᠤᠯᠤᠭᠠᠳ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号