ᠮᠠ ᠷᠦᠢ ᠮᠠᠨ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/9/28
   9 ᠰᠠᠷ᠎ᠠ ᠶᠢᠨ 26 ᠤ ᠡᠳᠦᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠮᠠ ᠷᠦᠢ ᠮᠠᠨ ᠤᠳᠤᠬᠠᠨ ᠪᠠᠶᠢᠭᠤᠯᠵᠤ ᠪᠠᠶᠢᠭ᠎ᠠ ᠪᠣᠣᠴᠠᠩ ᠤᠨ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠤᠮᠤ ᠵᠠᠬ᠎ᠠ ᠳᠡᠯᠭᠡᠭᠦᠷ ᠲᠤ ᠬᠦᠨᠵᠡᠬᠡᠶᠢᠷᠡᠵᠦ᠂ ᠠᠶᠤᠯᠭᠦᠢ ᠦᠢᠯᠡᠳᠪᠦᠷᠢᠯᠡᠯ ᠪᠠ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠮᠠ ᠷᠦᠢ ᠮᠠᠨ ᠶᠡᠷᠦᠩᠬᠡᠶᠢᠯᠡᠭᠰᠡᠨ ᠲᠣᠮᠣ ᠵᠠᠬ᠎ᠠ ᠶᠢᠨ ᠪᠠᠷᠢᠯᠭ᠎ᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ᠂ ᠬᠢᠵᠢᠭ ᠰᠡᠷᠭᠡᠶᠢᠯᠡᠬᠦ ᠠᠷᠭ᠎ᠠ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ  ᠪᠠᠶᠢᠴᠠᠭᠠᠨ ᠤᠶᠢᠯᠠᠭᠠᠭᠰᠠᠨ ᠤ ᠲᠠᠷᠠᠭ᠎ᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ  ᠰᠡᠷᠭᠡᠶᠢᠯᠡᠯᠳᠡ᠂  ᠠᠶᠤᠯᠬᠦᠢ ᠦᠢᠯᠡᠳᠪᠦᠷᠢᠯᠡᠯ ᠤᠨ ᠬᠤᠶᠠᠷ ᠬᠥᠪᠴᠢ ᠶᠢ ᠢᠮᠠᠭᠳᠠ ᠴᠢᠩᠭᠠᠯᠠᠨ᠂  ᠪᠠᠷᠢᠯᠭ᠎ᠠ ᠶᠢᠨ ᠭᠠᠵᠠᠷ ᠲᠤ ᠤᠷᠤᠬᠤ ᠪᠤᠢ ᠪᠦᠬᠦᠢ ᠠᠮᠢᠳᠤᠷᠠᠯ ᠤᠨ ᠪᠣᠳᠠᠰ᠂ ᠪᠠᠷᠢᠯᠭ᠎ᠠ ᠶᠢᠨ ᠮᠠᠲ᠋ᠧᠷᠢᠶᠠᠯ ᠢ  ᠨᠠᠷᠢᠨ ᠨᠢᠮᠪᠠᠢ ᠠᠷᠢᠭᠤᠳᠬᠠᠬᠤ ᠶᠢᠨ ᠬᠠᠮᠳᠤ᠂  ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠳᠠᠲᠠᠢ ᠪᠠᠶᠢᠳᠠᠯ ᠠᠴᠠ ᠡᠭᠦᠰᠴᠦ᠂ ᠨᠠᠷᠢᠨ ᠲᠠᠯ᠎ᠠ ᠠᠴᠠ ᠭᠠᠷᠳᠠᠨ᠂  ᠠᠰᠠᠭᠤᠳᠠᠯ ᠢᠶᠠᠨ ᠡᠷᠢᠵᠦ᠂ ᠳᠤᠲᠠᠭᠤᠳᠠᠯ ᠢᠶᠠᠨ ᠨᠦᠬᠦᠪᠦᠷᠢᠯᠡᠨ᠂ ᠡᠯ᠎ᠡ ᠲᠦᠷᠦᠯ ᠤᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠪᠠ ᠠᠵᠤ ᠠᠬᠤᠢ  ᠶᠢᠨ ᠬᠦᠭᠵᠢᠯᠳᠡ ᠶᠢ ᠪᠠᠳᠤᠯᠠᠬᠤ ᠡᠯ᠎ᠡ ᠲᠦᠷᠦᠯ ᠤᠨ ᠠᠵᠢᠯ ᠢ ᠵᠡᠷᠭᠡᠪᠡᠷ  ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号