ᠸᠠᠩ ᠫᠧᠢ ᠬᠤᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2022/9/3
  8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 1 ᠤ ᠡᠳᠦᠷ ᠪᠣᠯᠲᠠᠯ᠎ᠠ᠂ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠸᠠᠩ ᠫᠧᠢ ᠬᠤᠩ    ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠬᠦᠴᠢᠷᠳᠡᠯ  ᠪᠠ ᠠᠰᠠᠭᠤᠳᠠᠯ  ᠤᠨ ᠲᠤᠬᠠᠢ ᠭᠦᠨᠵᠡᠭᠡᠢ  ᠶᠠᠷᠢᠯᠴᠠᠨ ᠰᠤᠯᠢᠯᠴᠠᠪᠠ᠃ ᠸᠠᠩ ᠫᠧᠢ ᠬᠤᠩ ᠱᠠᠭᠠᠷᠳᠠᠬᠤ ᠳᠠᠭᠠᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠨᠢ ᠡᠷᠭᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠴᠢᠩᠭᠠᠳᠬᠠᠨ᠂ ᠠᠵᠢᠯᠲᠠᠨ ᠠᠵᠢᠯᠴᠢᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠢᠯᠴᠢᠨ ᠤ ᠡᠪᠯᠡᠯ ᠤᠨ ᠺᠠᠳ᠋ᠷᠴᠤᠳ ᠤᠨ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ᠂ ᠦᠢᠯᠡᠴᠢᠯᠡᠬᠦ ᠤᠬᠠᠮᠰᠠᠷ ᠢ  ᠴᠢᠩᠭᠠᠳᠬᠠᠨ᠂ ᠠᠵᠢᠯᠴᠢᠨ ᠤ ᠡᠪᠯᠡᠯ ᠤᠨ ᠺᠠᠳ᠋ᠷᠴᠤᠳ ᠤᠨ ᠦᠨᠡᠨᠬᠦ ᠠᠵᠢᠯᠲᠠᠨ ᠠᠵᠢᠯᠴᠢᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠵᠢᠯᠲᠠᠨ ᠠᠵᠢᠯᠴᠢᠨ ᠳᠤ ᠦᠨᠡᠨ ᠰᠡᠳᠬᠢᠯ ᠠᠴᠠ ᠪᠠᠨ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠮᠦᠷᠦᠶᠢᠴᠡᠭᠡᠨ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠠᠵᠢᠯᠴᠢᠨ ᠢ ᠵᠢᠯᠤᠭᠤᠳᠤᠨ ᠵᠤᠷᠢᠬᠵᠢᠭᠤᠯᠵᠤ᠂ ᠰᠤᠷᠤᠯᠴᠠᠯᠭ᠎ᠠ ᠶᠢᠨ ᠬᠡᠯᠪᠡᠷᠢᠳᠦ᠂ ᠮᠡᠳᠡᠯᠭᠡ ᠶᠢᠨ ᠬᠡᠯᠪᠡᠷᠢᠳᠦ᠂ ᠰᠢᠨ᠎ᠡ ᠶᠢ ᠡᠭᠦᠳᠬᠦ ᠬᠡᠯᠪᠡᠷᠢᠳᠦ ᠠᠵᠢᠯᠲᠠᠨ ᠠᠵᠢᠯᠴᠢᠨ ᠪᠤᠯᠭᠠᠬᠤ ᠬᠡᠷᠡᠭᠲᠡᠢ  ᠃ ︽ᠤᠷᠢᠳᠠᠪᠠᠷ ᠰᠠᠶᠢᠳᠤᠷ ᠦᠢᠯᠡᠴᠢᠯᠡᠵᠦ᠂ ᠳᠠᠷᠠᠭ᠎ᠠ ᠨᠢ ᠡᠪᠯᠡᠯ ᠢ ᠪᠠᠶᠢᠭᠤᠯᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮ ᠴᠢᠩᠭᠠᠳᠬᠠᠵᠤ᠂ ᠠᠵᠢᠯᠲᠠᠨ ᠠᠵᠢᠯᠴᠢᠨ ᠢ ᠬᠠᠶᠢᠷᠠᠯᠠᠵᠤ ᠬᠠᠯᠠᠮᠵᠢᠯᠠᠨ᠂ ᠠᠵᠢᠯᠲᠠᠨ ᠠᠵᠢᠯᠴᠢᠨ ᠳᠠᠭᠠᠨ ᠢᠲᠡᠭᠡᠯ ᠲᠦᠰᠢᠭ ᠲᠠᠢ ︽ᠲᠥᠷᠬᠦᠮ ᠤᠨ ᠬᠥᠮᠥᠨ︾   ᠨᠢ ᠪᠣᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠦᠳᠡᠯᠪᠦᠷᠢ  ᠠᠵᠢᠯᠯᠠᠭᠠᠨ ᠤ ᠰᠠᠭᠤᠷᠢᠨ ᠭᠠᠵᠠᠷ ᠲᠤ ᠬᠦᠨᠵᠡᠬᠡᠶᠢᠷᠡᠵᠦ ᠲᠣᠭᠤᠷᠢᠨ ᠦᠵᠡᠭᠰᠡᠨ ᠪᠥᠭᠡᠳ ᠠᠵᠤ ᠠᠬᠤᠶᠢᠯᠠᠯ ᠢᠶᠠᠷ ᠬᠦᠷᠴᠦ  ᠂  ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠠᠷᠠᠳᠴᠢᠯᠠᠭᠰᠠᠨ ᠬᠠᠮᠢᠶᠠᠷᠤᠯᠲᠠ᠂ ᠬᠥᠳᠡᠯᠮᠦᠷᠢ ᠶᠢᠨ ᠬᠠᠷᠢᠴᠠᠭᠠᠨ ᠤ ᠠᠵᠢᠯ ᠵᠢᠴᠢ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ  ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号