ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ ᠢᠯᠡᠭᠡᠭᠰᠡᠨ ᠵᠠᠬᠢᠳᠠᠯ
ᠨᠡᠶᠢᠲᠡᠯᠡᠭᠰᠡᠨ ᠴᠠᠭ᠄
2022/9/30
    ᠪᠥᠬᠦ ᠬᠤᠰᠢᠭᠤᠨ ᠤ ᠠᠷᠠᠳ ᠤᠯᠠᠨ ᠮᠢᠨᠢ ᠰᠠᠶᠢᠨ ᠪᠠᠶᠢᠵᠠᠭᠠᠨ᠎ᠠ ᠤᠤ᠂ ᠶᠠᠭᠤᠨ ᠤ ᠡᠮᠦᠨ᠎ᠡ ᠲᠠ ᠪᠦᠬᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠵᠦ᠂  ᠠᠵᠠ ᠵᠢᠷᠭᠠᠯ ᠠᠮᠤᠷ ᠠᠮᠤᠭᠤᠯᠠᠩ ᠬᠦᠰᠡᠶ᠎ᠡ  ᠃  ᠤᠯᠠᠨ ᠤ ᠮᠡᠳᠡᠭᠡᠵᠢ ᠪᠠᠷ  ᠂ ᠤᠯᠤᠰ ᠪᠠᠶᠢᠭᠤᠯᠤᠭᠳᠠᠭᠰᠠᠨ ᠦᠪᠡᠳᠡᠭᠰᠢ ᠪᠠᠶᠠᠷ ᠪᠤᠯᠵᠤ᠂  ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠲᠡᠭᠡᠷ᠎ᠡ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠲᠤᠬᠢᠶᠠᠭᠠᠳ ᠪᠤᠢ᠃ ᠣᠳᠣᠬᠠᠨ ᠤ ᠣᠢ ᠰᠢᠭᠤᠢ ᠨᠤᠲᠤᠭ ᠪᠡᠯᠴᠢᠭᠡᠷ   ᠤᠨ ᠭᠠᠯ  ᠰᠡᠷᠭᠡᠶᠢᠯᠡᠬᠦ ᠠᠵᠢᠯ ᠢ ᠦᠨᠡᠨᠬᠦ  ᠰᠠᠶᠢᠨ ᠬᠢᠵᠦ᠂ ᠪᠦᠭᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ  ᠡᠳ᠋ ᠬᠦᠷᠦᠩᠭᠡ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂  ᠪᠥᠬᠦ ᠬᠤᠰᠢᠭᠤᠨ ᠤ ᠠᠷᠠᠳ ᠣᠯᠠᠨ ᠳᠤ ᠲᠤᠰ  ᠵᠠᠬᠢᠳᠠᠯ ᠢ ᠣᠨᠴᠣᠭᠤᠶᠢᠯᠠᠨ ᠢᠯᠡᠭᠡᠯ᠎ᠡ᠄     1. ᠲᠠᠷᠢᠶᠠᠨ ᠭᠠᠵᠠᠷ ᠤᠨ ᠡᠰᠢ ᠰᠦᠷᠡᠯ ᠪᠤᠶᠤ  ᠡᠪᠡᠰᠦ ᠬᠤᠯᠤᠰᠤ ᠶᠢ ᠰᠢᠳᠠᠭᠠᠬᠤ   ᠪᠠᠨ ᠴᠡᠭᠡᠷᠯᠡᠨ᠎ᠡ᠃᡾     2. ᠤᠢ ᠰᠢᠭᠤᠢ ᠨᠤᠲᠤᠭ ᠪᠡᠯᠴᠢᠭᠡᠷ ᠲᠤ ᠲᠠᠮᠠᠬᠢ ᠲᠠᠲᠠᠬᠤ  ᠦᠬᠡᠢ᠂ ᠲᠠᠮᠠᠬᠢᠨ ᠶᠤᠵᠤᠭᠤᠷ᠂ ᠭᠠᠯ ᠤᠨ ᠣᠴᠢ ᠬᠠᠶᠠᠬᠤ ᠶᠢ ᠴᠡᠭᠡᠷᠯᠡᠨ᠎ᠡ᠃     3. ᠤᠢ ᠰᠢᠭᠤᠢ ᠨᠤᠲᠤᠭ ᠪᠡᠯᠴᠢᠭᠡᠷ ᠲᠤ ᠭᠠᠯ ᠨᠣᠴᠣᠭᠠᠵᠤ ᠳᠤᠯᠠᠭᠠᠯᠠᠬᠤ  ᠂ ᠬᠤᠭᠤᠯᠠᠯᠠᠬᠤ᠂  ᠭᠡᠷᠡᠯᠲᠦᠭᠦᠯᠬᠦ ᠶᠢ ᠴᠡᠭᠡᠷᠯᠡᠨ᠎ᠡ᠃ ᡾   4. ᠤᠢ ᠰᠢᠭᠤᠢ ᠨᠤᠲᠤᠭ ᠪᠡᠯᠴᠢᠭᠡᠷ ᠲᠤ ᠫᠤᠤᠵᠢᠩ ᠲᠠᠯᠪᠢᠬᠤ ᠶᠢ ᠴᠡᠭᠡᠷᠯᠡᠨ᠎ᠡ  ᠂ ᠮᠡᠳᠡᠷᠡᠯ ᠤᠨ ᠡᠪᠡᠳᠴᠢᠲᠡᠨ ᠢᠶᠠᠨ ᠰᠠᠶᠢᠳᠤᠷ ᠬᠠᠮᠢᠶᠠᠷᠤᠨ᠎ᠠ᠂ ᠬᠡᠦᠬᠡᠳ ᠭᠠᠯ ᠢᠶᠠᠷ ᠨᠠᠭᠠᠳᠬᠤ  ᠂ ᠺᠦᠩ ᠮᠢᠩ ᠳ᠋ᠧᠩ ᠠᠰᠠᠭᠠᠬᠤ ᠶᠢ ᠴᠠᠭᠠᠵᠠᠯᠠᠨ᠎ᠠ᠃     5. ᠭᠠᠯ   ᠤᠨ ᠠᠶᠤᠯ ᠢ ᠣᠯᠵᠤ ᠦᠵᠡᠭᠡᠳ ᠮᠡᠳᠡᠭᠦᠯᠬᠦ  ᠦᠬᠡᠢ᠂ ᠠᠪᠤᠷᠠᠬᠤ ᠦᠬᠡᠢ ᠪᠠᠶᠢᠵᠤ ᠪᠣᠯᠬᠤ ᠦᠬᠡᠢ     6. ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠫᠠᠶᠢᠰᠠ᠂  ᠪᠠᠷᠠᠯᠠᠬᠤ ᠲᠠᠪᠴᠠᠩ ᠢ ᠡᠪᠳᠡᠵᠦ ᠪᠤᠯᠬᠤ ᠦᠭᠡᠢ  ᠃     7. ᠫᠤᠤ ᠵᠡᠪᠰᠡᠭ ᠪᠤᠶᠤ ᠭᠠᠯ ᠠᠯᠳᠠᠬᠤ ᠠᠶᠤᠯᠲᠠᠢ ᠪᠤᠰᠤᠳ ᠪᠠᠭᠠᠵᠢ ᠬᠡᠷᠡᠭᠰᠡᠯ ᠢ ᠭᠡᠷᠡᠭᠯᠡᠵᠦ ᠪᠤᠯᠬᠤ ᠦᠬᠡᠢ᠃    8 .ᠤᠢ ᠰᠢᠭᠤᠢ ᠨᠤᠲᠤᠭ ᠪᠡᠯᠴᠢᠭᠡᠷ ᠲᠠᠢ ᠣᠶᠢᠷᠠᠯᠴᠠᠭ᠎ᠠ ᠪᠠᠶᠢᠭ᠎ᠠ ᠰᠠᠭᠤᠭᠠᠯᠢ ᠠᠷᠠᠳ ᠨᠢ ᠵᠤᠤᠬ᠎ᠠ ᠶᠠᠨᠲᠤᠩ ᠬᠡᠷᠡᠭᠯᠡᠬᠦ ᠳᠡᠭᠡᠨ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂  ᠭᠠᠯ ᠲᠠᠢ ᠦᠨᠡᠰᠦ ᠠᠰᠬᠠᠬᠤ ᠶᠢ ᠴᠡᠭᠡᠷᠯᠡᠬᠦ ᠪᠦᠭᠡᠳ ᠴᠠᠬᠢᠯᠭᠠᠨ ᠤᠲᠠᠰᠤ ᠪᠠ ᠴᠠᠬᠢᠯᠭᠠᠨ ᠬᠡᠷᠡᠭᠰᠡᠯ ᠠᠴᠠ ᠪᠣᠯᠤᠭᠰᠠᠨ ᠭᠠᠯ ᠤᠨ ᠠᠶᠤᠯ ᠢ ᠰᠡᠷᠭᠡᠶᠢᠯᠡᠬᠦ ᠬᠡᠷᠡᠭᠲᠡᠢ᠃     9. ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠢᠯᠠᠩᠭᠤᠶ᠎ᠠ ᠡᠪᠡᠰᠦᠨ ᠤ ᠲᠡᠷᠭᠡᠨ ᠳᠤ ᠡᠷᠬᠡᠪᠰᠢ ᠭᠠᠯ ᠰᠡᠷᠭᠡᠶᠢᠯᠡᠬᠦ ᠲᠣᠨᠣᠭᠯᠠᠯ ᠤᠭᠰᠠᠷᠠᠬᠤ ᠬᠡᠷᠡᠭᠲᠡᠢ᠃ ᠲᠡᠷᠭᠡᠨ ᠤ ᠵᠢᠯᠣᠭᠤᠴᠢ ᠨᠢ  ᠬᠠᠮᠳᠤ ᠠᠶᠠᠯᠠᠭᠴᠢᠳ ᠲᠠᠭᠠᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠬᠢᠵᠦ᠂ ᠲᠠᠮᠠᠬᠢᠨ ᠶᠤᠵᠤᠭᠤᠷ ᠵᠡᠷᠭᠡ ᠭᠠᠯ ᠤᠨ ᠵᠦᠢᠯ ᠬᠠᠶᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ  ᠃    10. ᠤᠢ ᠰᠢᠭᠤᠢ ᠨᠤᠲᠤᠭ ᠪᠡᠯᠴᠢᠭᠡᠷ ᠲᠤ ᠪᠠᠷᠢᠯᠭ᠎ᠠ ᠪᠠᠷᠢᠵᠤ ᠪᠠᠶᠢᠭ᠎ᠠ ᠨᠢᠭᠡᠴᠡ ᠨᠢ ᠱᠠᠭᠠᠷᠳᠠᠯᠭ᠎ᠠ ᠭᠠᠯ ᠰᠡᠷᠭᠡᠶᠢᠯᠡᠬᠦ ᠲᠤᠨᠤᠬ ᠲᠥᠬᠦᠭᠡᠷᠦᠮᠵᠢ ᠶᠢ ᠪᠠᠶᠢᠭᠤᠯᠬᠤ ᠪᠤᠶᠤ ᠲᠣᠬᠢᠷᠠᠭᠤᠯᠬᠤ ᠬᠡᠷᠡᠭᠲᠡᠢ᠃    ︽ᠣᠶ ᠪᠡᠯᠴᠢᠭᠡᠷ ᠤᠨ ᠭᠠᠯ ᠢ ᠰᠡᠷᠭᠡᠶᠢᠯᠡᠬᠦ ᠪᠤᠯ ᠬᠥᠮᠥᠨ ᠪᠤᠯᠭᠠᠨ ᠤ ᠬᠠᠷᠢᠭᠤᠴᠠᠯᠭ᠎ᠠ ᠶᠤᠮ  ︾᠃  ᠤᠯᠠᠨ  ᠢᠶᠠᠷ ᠢᠶᠠᠨ ᠣᠲᠣ   ᠠᠴᠠ ᠡᠬᠢᠯᠡᠨ ᠬᠢᠵᠦ᠂ ᠪᠡᠶ᠎ᠡ ᠠᠴᠠ ᠪᠠᠨ ᠡᠬᠢᠯᠡᠨ ᠬᠢᠵᠦ᠂ ᠰᠡᠳᠬᠢᠯ  ᠨᠢᠬᠡᠳᠬᠡᠵᠦ ᠬᠦᠴᠦ ᠬᠠᠮᠳᠤᠳᠬᠠᠨ  ᠂  ᠬᠠᠮᠳᠤ ᠣᠯᠠᠨ ᠢᠶᠠᠷ ᠢᠶᠠᠨ  ᠰᠡᠷᠭᠡᠶᠢᠯᠡᠨ ᠵᠠᠰᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ  ᠤᠰᠤ︾  ᠬᠡᠮᠡᠬᠦ ᠣᠶᠢᠯᠠᠭᠠᠭᠳᠠᠬᠤᠨ ᠢ ᠬᠠᠮᠲᠤ ᠪᠠᠷ ᠦᠢᠯᠡᠳᠦᠯᠬᠡᠵᠢᠬᠦᠯᠦᠨ᠂ ᠮᠠᠨ ᠤ ᠬᠤᠰᠢᠭᠤᠨ ᠤ ᠪᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠢᠳᠡᠪᠬᠢᠳᠡᠢ ᠣᠷᠤᠯᠴᠠᠵᠦ᠂  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠤ ᠴᠤᠭᠴᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠤᠯᠭᠠᠰᠤᠭᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号