ᠵᠣᠣ ᠹᠧᠢ ᠫᠧᠩ  ︽304︾ ᠱᠤᠭᠤᠮ ᠤᠨ ᠲᠥᠷᠥᠯ ᠵᠦᠢᠯ ᠤᠨ ᠪᠠᠶᠢᠭᠤᠯᠤᠯᠳᠠ ᠶᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/9/5
9 ᠰᠠᠷ᠎ᠠ ᠶᠢᠨ 3 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ︽304︾ ᠮᠤᠵᠢ ᠶᠢᠨ ᠵᠠᠮ ᠤᠨ ᠪᠤᠤᠴᠠᠩ ᠠᠴᠠ ᠹᠧᠩ ᠱᠧᠩ ᠬᠦᠷᠬᠦ ᠬᠡᠰᠡᠭ᠂ ᠰᠢ ᠭᠠᠨ ᠭᠧᠦ ᠠᠴᠠ ᠵᠥᠩ ᠾᠧ ᠬᠦᠷᠬᠦ ᠬᠡᠰᠡᠭ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠣᠶᠢᠯᠠᠭᠠᠭᠰᠠᠨ ᠪᠥᠭᠡᠳ ᠪᠠᠷᠢᠯᠭ᠎ᠠ ᠶᠢᠨ ᠠᠵᠢᠯ ᠤᠨ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠪᠠ ᠬᠢᠵᠢᠭ ᠰᠡᠷᠭᠡᠶᠢᠯᠡᠬᠦ ᠵᠡᠷᠭᠡ ᠲᠠᠯ᠎ᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ᠂  ᠳᠡᠳ᠋ ᠬᠤᠰᠢᠭᠤ ᠳᠠᠷᠤᠭ᠎ᠠ  ᠡᠷᠳᠡᠨᠢᠪᠠᠭᠠᠳᠤᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ᠵᠣᠣ ᠹᠧᠢ ᠫᠧᠩ  ᠂   ︽304  ︾  ᠱᠤᠭᠤᠮ ᠤᠨ ᠲᠥᠷᠥᠯ ᠵᠦᠢᠯ ᠪᠣᠯ ᠤᠷᠤᠨ ᠨᠤᠳᠤᠭ ᠤᠨ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠬᠤᠯᠪᠣᠭᠳᠠᠬᠤ ᠭᠤᠣᠯᠳᠠᠯᠭ᠎ᠠ ᠲᠠᠢ ᠲᠥᠷᠥᠯ ᠵᠦᠢᠯ ᠮᠥᠨ᠃ ᠠᠮᠤᠷ ᠲᠦᠪᠰᠢᠨ ᠪᠠᠷᠢᠯᠭ᠎ᠠ   ᠶᠢᠨ ᠠᠵᠢᠯ  ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠡᠭᠦᠷᠭᠡ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ  ᠬᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠷᠢᠯᠭ᠎ᠠ ᠶᠢᠨ ᠨᠢᠭᠡᠴᠡ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠵᠠᠮ ᠬᠠᠷᠢᠯᠴᠠᠭᠠᠨ ᠤ ᠰᠠᠯᠠᠭ᠎ᠠ ᠮᠥᠴᠢᠷ  ᠨᠢ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠴᠢᠩᠭᠠᠳᠬᠠᠨ᠂ ᠡᠯ᠎ᠡ ᠲᠦᠷᠦᠯ ᠤᠨ ᠦᠢᠯᠡᠴᠢᠯᠡᠭᠡᠨ ᠤ ᠠᠵᠢᠯ ᠢ  ᠰᠠᠶᠢᠨ ᠬᠢᠵᠦ᠂ ᠲᠥᠷᠥᠯ ᠵᠦᠢᠯ ᠤᠨ ᠤᠷᠤᠭᠰᠢᠲᠠᠢ  ᠶᠠᠪᠤᠭᠳᠠᠬᠤ ᠳᠤ ᠪᠠᠲᠤᠯᠠᠭ᠎ᠠ ᠬᠠᠩᠭᠠᠨ᠂ ᠲᠥᠷᠥᠯ ᠵᠦᠢᠯ ᠢ ᠡᠷᠲᠡᠬᠡᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠴᠢᠷᠮᠠᠶᠢᠬᠤ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂  ︽304︾ ᠱᠤᠭᠤᠮ ᠤᠨ ᠳᠦᠷᠦᠯ ᠵᠦᠢᠯ ᠤᠨ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号