ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ ᠵᠠᠷᠯᠠᠯ ︵91 ᠲᠣᠭᠠᠲᠤ︶
ᠨᠡᠶᠢᠲᠡᠯᠡᠭᠰᠡᠨ ᠴᠠᠭ᠄
2022/9/5
   ᠣᠶᠢᠷ᠎ᠠ ᠳᠤ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ᠂ ᠮᠠᠨ ᠤ ᠠᠶᠢᠮᠠᠭ ᠤᠨ ᠰᠢᠯᠢᠩᠬᠤᠲᠠ ᠳᠤ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠠᠵᠢᠯ ᠲᠤᠶᠢᠯ ᠤᠨ ᠬᠦᠨᠳᠦ ᠨᠣᠴᠢᠲᠠᠢ ᠪᠥᠭᠡᠳ ᠪᠤᠳᠤᠯᠢᠶᠠᠨᠲᠠᠢ  ᠪᠠᠶᠢᠭ᠎ᠠ᠃ ᠮᠠᠨ ᠤ ᠬᠤᠰᠢᠭᠤᠨ ᠤ ᠪᠠᠨ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠨ ᠬᠢᠬᠦ ᠶᠢᠨ ᠲᠤᠰᠠᠳᠠ᠂ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃     ᠨᠢᠭᠡ᠂ ᠭᠠᠳᠠᠨ᠎ᠠ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠤᠬᠠᠮᠰᠠᠷ ᠠᠴᠠ ᠪᠠᠨ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠤᠶᠤ ᠰᠠᠭᠤᠭ᠎ᠠ ᠵᠣᠴᠢᠳ ᠤᠨ ᠪᠠᠭᠤᠳᠠᠯ ᠳᠠᠭᠠᠨ ᠮᠡᠳᠡᠭᠦᠯᠦᠨ ᠳᠠᠩᠰᠠᠯᠠᠭᠤᠯᠵᠤ᠂ ᠣᠶᠢᠷ᠎ᠠ ᠶᠢᠨ 7 ᠡᠳᠦᠷ ᠤᠨ ᠲᠤᠳᠤᠷᠠᠬᠢ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠳᠡᠬᠦ ᠬᠡᠷᠡᠭᠲᠡᠢ    ᠬᠤᠶᠠᠷ᠂ 8 ᠰᠠᠷ᠎ᠠ ᠶᠢᠨ 31 ᠤ ᠡᠳᠦᠷ ᠠᠴᠠ ᠨᠠᠰᠢ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠠᠴᠠ ᠮᠠᠨ ᠤ ᠬᠤᠰᠢᠭᠤᠨ ᠳᠤ ᠢᠷᠡᠭᠰᠡᠳ ᠲᠥᠪᠯᠡᠷᠡᠭᠦᠯᠦᠨ  ᠲᠤᠰᠠᠭᠠᠷᠯᠠᠬᠤ ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠭᠦᠯᠦᠨ᠎ᠡ᠃ ᠤᠯᠠᠭᠠᠨᠬᠠᠳᠠ ᠬᠤᠲᠠ ᠶᠢᠨ ᠪᠤᠰᠤᠳ ᠭᠠᠵᠠᠷ ᠣᠷᠣᠨ ᠠᠴᠠ ᠢᠷᠡᠭᠰᠡᠳ 3 ᠡᠳᠦᠷ ᠭᠡᠷ ᠲᠡᠭᠡᠨ ᠲᠤᠰᠠᠭᠠᠷᠯᠠᠵᠤ 2 ᠤᠳᠠᠭ᠎ᠠ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠬᠦ ᠭᠡᠷᠡᠭᠳᠡᠢ᠂  ᠡᠮᠨᠡᠯᠭᠡ ᠶᠢᠨ ᠪᠠᠶᠢᠭᠤᠯᠤᠮᠵᠢ ᠠᠴᠠ ᠭᠡᠷ ᠲᠤᠨᠢ ᠬᠦᠷᠴᠦ  ᠭᠡᠪ ᠠᠪᠬᠤ ᠦᠢᠯᠡᠴᠢᠯᠡᠭᠡ ᠬᠠᠩᠭᠠᠨ᠎ᠠ᠃     ᠭᠤᠷᠪᠠ᠂ 9 ᠰᠠᠷ᠎ᠠ ᠶᠢᠨ 1 ᠤ ᠡᠳᠦᠷ ᠠᠴᠠ ᠨᠠᠰᠢ ᠰᠢᠯᠢᠩᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠥᠰ 3 ᠡᠳᠦᠷ ᠭᠡᠷ ᠲᠡᠭᠡᠨ ᠲᠤᠰᠠᠭᠠᠷᠯᠠᠵᠤ 2 ᠤᠳᠠᠭ᠎ᠠ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠬᠦ ᠭᠡᠷᠡᠭᠳᠡᠢ᠂    ᠰᠡᠷᠭᠡᠶᠢᠯᠡᠯᠳᠡ ᠬᠠᠮᠠᠭᠠᠯᠠᠯᠲᠠ ᠪᠠᠨ ᠰᠠᠶᠢᠨ ᠬᠢᠭᠰᠡᠨ ᠪᠠᠶᠢᠳᠠᠯ ᠲᠤᠤᠷ᠎ᠠ ᠲᠤᠰᠬᠠᠢ ᠴᠡᠭ   ᠲᠤ ︵ᠰᠣᠶᠣᠯ ᠤᠨ ᠲᠣᠮᠣ ᠠᠰᠠᠷ ᠤᠨ ᠥᠲᠥᠨ ᠪᠥᠮᠪᠦᠭᠡ ᠶᠢᠨ ᠣᠷᠳᠣᠨ︶ ᠲᠤ ᠬᠦᠷᠴᠦ ᠪᠠᠶᠢᠴᠠᠭᠠᠯᠭᠠᠨ᠎ᠠ᠃      ᠳᠥᠷᠪᠡ᠂ ᠲᠥᠪᠡᠳ᠂ ᠰᠢᠨᠵᠢᠶᠠᠩ᠂ ᠰᠧᠴᠤᠸᠠᠨ᠂ ᠬᠠᠶᠢᠨᠠᠨ᠂ ᠬᠥᠬᠡᠨᠠᠭᠤᠷ ᠵᠡᠷᠭᠡ ᠮᠤᠵᠢ ᠤᠷᠤᠨ ᠪᠠ  ᠴᠦᠩᠴᠢᠩ᠂ ᠲᠢᠶᠠᠨᠵᠢᠨ  ᠂  ᠱᠢ ᠵᠢᠶᠠ ᠵᠤᠸᠠᠩ᠂  ᠬᠠᠷᠪᠢᠨ  ᠂ ᠳ᠋ᠠᠴᠢᠩ  ᠂  ᠮᠦᠭᠳᠡᠨ᠂ ᠳ᠋ᠠᠯᠢᠶᠠᠨ᠂ ᠴᠠᠩᠴᠦ᠋ᠨ ᠂ ᠮᠠᠨᠵᠤᠤᠷ  ᠂ ᠬᠥᠬᠡᠬᠤᠲᠠ᠂ ᠤᠯᠠᠭᠠᠨᠴᠠᠪ  ᠂ ᠡᠷᠢᠶᠡᠨ ᠬᠤᠲᠠ ᠵᠡᠷᠭᠡ  ᠠᠶᠢᠮᠠᠭ ᠬᠤᠳᠠ ᠠᠴᠠ ᠢᠷᠡᠭᠰᠡᠨ ᠬᠥᠮᠥᠰ ᠴᠤ 3 ᠡᠳᠦᠷ ᠭᠡᠷ ᠲᠡᠭᠡᠨ ᠲᠤᠰᠠᠭᠠᠷᠯᠠᠵᠤ 2 ᠤᠳᠠᠭ᠎ᠠ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠬᠦ ᠭᠡᠷᠡᠭᠳᠡᠢ  ᠂  ᠡᠮᠨᠡᠯᠭᠡ ᠶᠢᠨ ᠪᠠᠶᠢᠭᠤᠯᠤᠮᠵᠢ ᠠᠴᠠ ᠭᠡᠷ ᠲᠤᠨᠢ ᠬᠦᠷᠴᠦ  ᠭᠡᠪ ᠠᠪᠬᠤ ᠦᠢᠯᠡᠴᠢᠯᠡᠭᠡ ᠬᠠᠩᠭᠠᠨ᠎ᠠ᠃ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠲᠠᠢ ᠬᠤᠯᠪᠣᠭᠳᠠᠭᠰᠠᠨ ᠬᠦᠮᠦᠰ ᠲᠤ ᠲᠥᠪᠯᠡᠷᠡᠭᠦᠯᠦᠨ ᠲᠤᠰᠠᠭᠠᠷᠯᠠᠬᠤ ᠪᠤᠶᠤ ᠭᠡᠷ ᠲᠡᠭᠡᠨ ᠲᠤᠰᠠᠭᠠᠷᠯᠠᠬᠤ  ᠬᠠᠮᠢᠶᠠᠷᠤᠯᠳᠠ ᠶᠢ ᠠᠷᠭ᠎ᠠ ᠶᠢ  ᠭᠡᠷᠡᠭᠵᠢᠬᠦᠯᠦᠨ᠎ᠡ᠃      ᠲᠠᠪᠤ᠂  ᠦᠨᠦᠳᠦᠷ ᠠᠴᠠ ᠡᠬᠢᠯᠡᠨ᠂   ᠬᠤᠭᠤᠯᠠᠨ ᠭᠡᠷ ᠵᠣᠴᠢᠳ ᠤᠨ ᠪᠠᠭᠤᠳᠠᠯ ᠨᠢ ᠬᠤᠷᠢᠮ ᠨᠠᠶᠢᠷ ᠤᠨ ᠶᠣᠰᠣᠯᠠᠯ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ ᠪᠠᠨ ᠲᠦᠷ ᠵᠣᠭᠰᠣᠭᠠᠨ᠎ᠠ᠃  ᠬᠠᠮᠢᠶ᠎ᠠ ᠪᠦᠬᠦᠢ ᠰᠠᠯᠠᠭ᠎ᠠ ᠮᠥᠴᠢᠷ  ᠤᠨ ᠬᠢᠨ ᠡᠯ᠎ᠡ ᠲᠥᠷᠥᠯ ᠤᠨ ᠡᠵᠡᠩᠨᠡᠯᠲᠡ ᠶᠢᠨ ᠭᠠᠵᠠᠷ᠂ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠯᠠᠪᠤᠷ ᠲᠤ ᠣᠷᠣᠭᠰᠠᠨ ᠪᠦᠬᠦᠶᠢᠯᠡ ᠬᠥᠮᠥᠰ ᠡᠷᠬᠡᠪᠰᠢ ︽ ᠰᠢᠯᠢᠨ ᠡᠷᠡᠭᠦᠯ ᠮᠡᠨᠳᠦ ᠶᠢᠨ  ᠴᠤᠬᠤᠷ︾  ᠲᠤ ᠮᠡᠳᠡᠭᠡ ᠵᠠᠩᠬᠢ ᠪᠠᠨ  ᠦᠨᠡᠨ ᠮᠥᠨ ᠢᠶᠠᠷ ᠲᠠᠭᠯᠠᠨ᠂  ︽ᠲᠠᠯᠠᠪᠤᠷ ᠤᠨ ᠺᠤᠳ᠋︾   ᠶᠢ  ᠰᠢᠷᠪᠢᠵᠦ ᠲᠠᠩᠰᠠᠯᠠᠬᠤ ᠭᠡᠷᠡᠭᠳᠡᠢ᠃  ᠬᠠᠮᠢᠶᠠᠷᠤᠯᠳᠠ ᠶᠢ  ᠲᠡᠪᠴᠢᠭᠰᠡᠨ ᠡᠵᠡᠩᠨᠡᠯᠲᠡ ᠶᠢᠨ ᠲᠠᠯᠠᠪᠤᠷ ᠪᠠᠶᠢᠪᠠᠯ ᠡᠵᠡᠩᠨᠡᠯᠳᠡ ᠶᠢ ᠨᠢ ᠵᠣᠭᠰᠣᠭᠠᠵᠤ ᠴᠡᠭᠴᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠨᠢ ︽ᠳᠥᠷᠪᠡᠨ ᠲᠥᠷᠥᠯ︾ ᠤᠨ ᠡᠮ ᠤᠨ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂  ᠡᠮ ᠤᠨ ᠳᠡᠯᠭᠡᠭᠦᠷ ᠢ  ᠱᠠᠭᠠᠷᠳᠠᠵᠤ ᠪᠠᠶᠢᠭᠠᠳ ᠦᠨᠡᠨ ᠨᠡᠷ᠎ᠡ ᠪᠠᠷ ᠳᠡᠩᠰᠡᠯᠡᠨ ᠲᠡᠮᠳᠡᠭᠯᠡᠬᠦ ᠲᠦᠷᠢᠮ ᠢ ᠡᠷᠡᠰ ᠭᠡᠷᠡᠭᠵᠢᠬᠦᠯᠬᠦ ᠬᠡᠷᠡᠭᠲᠡᠢ᠃ ᠬᠤᠪᠢ ᠶᠢᠨ ᠡᠮᠨᠡᠯᠭᠡ ᠤᠳ ᠨᠢ ᠬᠠᠯᠠᠭᠤᠷᠠᠵᠤ ᠪᠠᠶᠢᠭ᠎ᠠ ᠡᠪᠡᠳᠴᠢᠲᠡᠨ ᠳᠤ ᠴᠢᠩᠭ᠎ᠠ ᠬᠢᠨᠠᠯᠳᠠ ᠲᠠᠯᠪᠢᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ  ᠦᠷᠯᠦᠭᠡ ᠶᠢᠨ ᠵᠠᠬ᠎ᠠ   ᠶᠢᠨ ᠬᠠᠮᠢᠶᠠᠷᠤᠯᠲᠠ ᠶᠢ ᠴᠢᠩᠭᠠᠳᠬᠠᠨ᠂ ᠰᠥᠨᠢ ᠶᠢᠨ ᠵᠠᠬ᠎ᠠ   ᠶᠢ ᠲᠦᠷ ᠵᠣᠭᠰᠣᠭᠠᠵᠤ᠂ ᠬᠠᠮᠢᠶᠠᠷᠤᠯᠲᠠ ᠶᠢ ᠲᠠᠭᠠᠬᠤ ᠦᠭᠡᠢ ᠪᠤᠯ ᠬᠠᠤᠯᠢ ᠪᠠᠷ ᠴᠠᠭᠠᠵᠠᠯᠠᠬᠤ ᠬᠡᠷᠡᠭᠲᠡᠢ᠃     ᠵᠢᠷᠭᠤᠭ᠎ᠠ᠂  ᠦᠨᠦᠳᠦᠷ ᠠᠴᠠ ᠡᠬᠢᠯᠡᠨ᠂  ᠡᠯ᠎ᠡ ᠰᠤᠷᠭᠠᠭᠤᠯᠢ ᠨᠢ ᠵᠢᠭᠠᠨ ᠰᠤᠷᠭᠠᠯᠲᠠ ᠪᠠᠨ ᠲᠦᠷ  ᠵᠤᠭᠰᠤᠭᠠᠨ᠂ ᠰᠦᠯᠵᠢᠶᠡᠨ ᠲᠡᠭᠡᠷ᠎ᠡ ᠬᠢᠴᠢᠶᠡᠯ ᠤᠷᠤᠨ᠎ᠠ᠃  ᠬᠢᠵᠢᠭ ᠤᠨ ᠪᠠᠶᠢᠳᠠᠯ ᠢ ᠦᠵᠡᠵᠦ ᠪᠠᠶᠢᠭᠠᠳ ᠰᠤᠷᠤᠯᠭ᠎ᠠ ᠰᠡᠷᠭᠦᠭᠡᠬᠦ ᠪᠣᠳᠠᠲᠠᠢ ᠴᠠᠭ ᠢ  ᠲᠠᠬᠢᠵᠤ ᠮᠡᠳᠡᠭᠳᠡᠨ᠎ᠡ᠃     ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠨᠢᠬᠡᠪᠦᠷᠢ ᠬᠤᠪᠢ ᠬᠥᠮᠥᠨ ᠵᠢᠴᠢ ᠭᠡᠷ ᠤᠨ ᠬᠥᠮᠥᠰ ᠤᠨ ᠢᠶᠠᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠨ ᠬᠢᠭᠰᠡᠨ ᠤᠷᠢᠲᠠᠯ ᠳᠣᠣᠷ᠎ᠠ ᠲᠠᠷᠤᠢ ᠲᠦᠷᠭᠡᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠦᠷᠴᠦ  ᠪᠠᠶᠢᠴᠠᠭᠠᠯᠭᠠᠨ ᠡᠮᠨᠡᠬᠦᠯᠬᠦ ᠭᠡᠷᠡᠭᠳᠡᠢ᠂ ᠬᠡᠬᠦ ᠳᠡᠭᠡᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃   ᠨᠠᠢᠮᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠬᠡᠢ᠂  ᠪᠠᠶᠢᠳᠠᠯ ᠢᠶᠠᠨ ᠦᠨᠡᠨ ᠮᠦᠨ ᠢᠶᠠᠷ ᠮᠡᠳᠡᠭᠦᠯᠵᠦ ᠲᠠᠩᠰᠠᠯᠠᠭᠤᠯᠬᠤ ᠦᠭᠡᠢ᠂ ᠨᠢᠭᠤᠵᠤ ᠲᠠᠷᠤᠬᠤ᠂ ᠬᠤᠳᠠᠯ ᠢᠶᠠᠷ ᠮᠡᠳᠡᠬᠦᠯᠬᠦ᠂ ᠪᠠᠶᠢᠴᠠᠭᠠᠯᠲᠠ ᠠᠴᠠ ᠵᠣᠷᠢᠭᠤᠳᠠ  ᠵᠠᠶᠢᠯᠠᠬᠤ  ᠂ ᠬᠠᠮᠢᠶᠠᠷᠤᠯᠳᠠ ᠶᠢᠨ ᠠᠷᠭ᠎ᠠ ᠲᠦᠷᠢᠮ ᠢ ᠲᠡᠪᠴᠢᠭᠰᠡᠨ ᠬᠦᠮᠦᠰ ᠢ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ  ᠤᠯᠭᠤᠬᠤ ᠬᠠᠤᠯᠢ︾ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠰᠢᠳᠬᠡᠯ ᠤᠯᠭᠤᠨ᠎ᠠ᠂ ᠬᠦᠨᠳᠦ ᠨᠣᠴᠢᠲᠠᠢ  ᠦᠷ᠎ᠡ ᠨᠦᠯᠦᠭᠡ ᠭᠠᠷᠭᠠᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠰᠢᠭᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665    ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675    ᠪᠤᠤᠴᠠᠩ ᠪᠠᠯᠭᠠᠰᠤ ︵ᠨᠡᠶᠢᠭᠡᠮ ᠲᠣᠭᠤᠷᠢᠭ︶   ᠄ 0479 ︱ 5222227    ᠵᠢᠶᠠᠨ ᠰᠢᠩ ᠨᠡᠶᠢᠭᠡᠮ ᠲᠣᠭᠤᠷᠢᠭ᠄ 13644792511    ᠪᠦᠦ ᠹᠧᠩ ᠨᠡᠶᠢᠭᠡᠮ ᠲᠣᠭᠤᠷᠢᠭ᠄ 13947930729    ᠨᠠᠨ ᠵᠢᠶᠣᠣ ᠨᠡᠶᠢᠭᠡᠮ ᠲᠣᠭᠤᠷᠢᠭ᠄ 18847938988    ᠰᠢᠨ  ᠬᠤᠸᠠ ᠬᠤᠷᠢᠶᠠᠨ ᠤ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009    ᠳ᠋ᠦᠩ ᠵᠢᠶᠣᠣ ᠨᠡᠶᠢᠭᠡᠮ ᠲᠣᠭᠤᠷᠢᠭ᠄ 13947966967    ᠬᠦᠨᠪᠤᠯᠠᠭ ᠰᠤᠮᠤ  ᠄ 0479 ︱ 5887015       13234794613    ᠴᠢᠶᠠᠨ ᠶᠢᠨ ᠭᠧᠦ ᠪᠠᠯᠭᠠᠰᠤ᠄ 0479-2265514    15249535203    ᠬᠤᠩ ᠴᠢ ᠪᠠᠯᠭᠠᠰᠤ᠄ 0479 ︱ 5823064    ᠯᠦᠸᠧ ᠲᠦᠸᠧ ᠱᠠᠨ ᠪᠠᠯᠭᠠᠰᠤ᠄ 0479 ︱ 5855017    ᠶᠦᠩ ᠹᠧᠩ  ᠪᠠᠯᠭᠠᠰᠤ  ᠄ 0479-2265106    ᠰᠢᠩ ᠹᠦ᠋ ᠰᠢᠶᠠᠩ ᠄ 0479-5899968  15547956376                          ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                                                                 2022 ᠣᠨ ᠤ 9 ᠰᠠᠷ᠎ᠠ ᠶᠢᠨ 4 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号