ᠬᠦᠨᠪᠤᠯᠠᠭ ᠰᠤᠮᠤ ᠨᠠᠮ ᠤᠨ ᠲᠥᠪ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠵᠨᠷ ᠰᠤᠷᠤᠯᠴᠠᠭᠰᠠᠨ
ᠨᠡᠶᠢᠲᠡᠯᠡᠭᠰᠡᠨ ᠴᠠᠭ᠄
2022/9/5
 8 ᠰᠠᠷ᠎ᠠ ᠶᠢᠨ 30  ᠤ ᠡᠳᠦᠷ᠂  ᠬᠦᠨᠪᠤᠯᠠᠭ ᠰᠤᠮᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠭᠰᠠᠨ ᠪᠠᠶᠢᠨ᠎ᠠ᠃  ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂  ᠰᠤᠮᠤᠨ ᠳᠠᠷᠤᠭ᠎ᠠ ᠭᠦᠸᠧ ᠰᠢᠶᠣᠣ ᠮᠧᠩ ᠬᠤᠷᠠᠯ ᠢ ᠡᠷᠬᠢᠯᠡᠵᠦ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠪᠥᠬᠦ ᠺᠠᠳ᠋ᠷ ᠠᠵᠢᠯᠲᠠᠨ ᠵᠢᠴᠢ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠭᠠᠴᠠᠭᠠᠨ  ᠳᠠᠷᠤᠭ᠎ᠠ ᠶᠢᠨ ᠲᠤᠰᠠᠯᠠᠭᠴᠢ᠂ ᠲᠠᠩᠰᠠ ᠮᠡᠳᠡᠭᠦᠯᠦᠭᠴᠢ ᠬᠤᠷᠠᠯ ᠳᠤ ᠤᠷᠤᠯᠴᠠᠪᠠ᠃ ᠬᠤᠷᠠᠯ ᠠᠴᠠ᠂  ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ  ᠪᠤᠯ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠠᠴᠢ ᠬᠤᠯᠪᠣᠭᠳᠠᠯ ᠲᠠᠢ ᠶᠤᠮ  ᠂  ᠤᠯᠠᠨ ᠢᠶᠠᠷ ᠢᠶᠠᠨ ᠡᠷᠭᠡᠪᠰᠢ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ   ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠵᠤ᠂ ᠨᠢᠭᠡᠳᠦᠮᠡᠯ ᠹᠷᠣᠨᠲ ᠤᠨ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ  ᠪᠠᠳᠤᠳᠬᠠᠨ᠂  ᠪᠦᠯᠬᠦᠮᠳᠡᠨ ᠳᠠᠪᠰᠢᠬᠤ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠪᠠᠬᠢᠵᠢᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ  ᠬᠡᠵᠦ ᠵᠢᠭᠠᠨ ᠭᠠᠷᠭᠠᠵᠠᠢ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号