ᠬᠤᠩ ᠴᠢ ᠪᠠᠯᠭᠠᠰᠤ ᠲᠥᠯᠥᠪᠯᠡᠭᠡᠲᠦ ᠦᠷᠡᠵᠢᠯ ᠤᠨ ᠭᠡᠷ ᠪᠦᠯᠢ ᠳᠤ ᠬᠠᠨᠳᠤᠭᠰᠠᠨ ᠳᠠᠭᠠᠳᠬᠠᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/9/5
9 ᠰᠠᠷ᠎ᠠ ᠶᠢᠨ 1 ᠤ ᠡᠳᠦᠷ ᠂  ᠬᠤᠩ ᠴᠢ ᠪᠠᠯᠭᠠᠰᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠦᠷ᠎ᠡ ᠬᠡᠦᠬᠡᠳ ᠤᠨ ᠳᠠᠭᠠᠳᠬᠠᠯ ᠤᠨ ᠪᠣᠯᠪᠠᠰᠤᠷᠠᠯ ᠢ ᠡᠬᠢᠯᠡᠬᠦᠯᠵᠦ᠂  ᠳᠡᠳ᠋ ᠪᠠᠯᠭᠠᠰᠤᠨ ᠳᠠᠷᠤᠭ᠎ᠠ ᠵᠢᠶᠠ ᠶᠠᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠠᠩ ᠯᠢ ᠬᠤᠩ᠂  ᠠᠮᠢ ᠨᠠᠰᠤᠨ ᠤ ᠲᠠᠭᠠᠳᠬᠠᠯ ᠤᠨ ᠺᠣᠮᠫᠠᠨᠢ ᠶᠢᠨ ᠳᠠᠭᠠᠭᠠᠮᠠᠯ ᠯᠢᠨ ᠫᠢᠩ᠂ ᠡᠯ᠎ᠡ ᠲᠣᠰᠬᠤᠨ ᠤ ᠲᠥᠯᠥᠪᠯᠡᠭᠡᠲᠦ ᠦᠷᠡᠵᠢᠯ ᠤᠨ ᠠᠵᠢᠯᠳᠠᠨ ᠵᠢᠴᠢ ᠬᠠᠮᠢᠶ᠎ᠠ ᠪᠦᠬᠦᠢ ᠠᠵᠢᠯᠲᠠᠨ ᠡᠬᠢᠯᠡᠯᠳᠡ  ᠶᠢᠨ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂ ᠶᠠᠩ ᠯᠢ ᠬᠤᠩ ᠠᠴᠠ ︽ᠰᠢᠯᠢ ᠶᠢᠨ ᠭᠤᠣᠯ ᠠᠶᠢᠮᠠᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ  ᠂  ᠠᠮᠢ ᠨᠠᠰᠤᠨ ᠤ ᠲᠠᠭᠠᠳᠬᠠᠯ ᠤᠨ ᠺᠣᠮᠫᠠᠨᠢ ᠶᠢᠨ ᠰᠢᠯᠢ ᠶᠢᠨ ᠭᠤᠤᠯ ᠬᠤᠪᠢᠶᠠᠷᠢ ᠺᠤᠮᠫᠠᠨᠢ ᠶᠢᠨ ᠪᠥᠬᠦ ᠠᠶᠢᠮᠠᠭ ᠤᠨ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠦᠷ᠎ᠡ ᠬᠡᠦᠬᠡᠳ ᠤᠨ ᠳᠠᠭᠠᠳᠬᠠᠯ ᠤᠨ ᠠᠵᠢᠯ ᠢ ᠡᠬᠢᠯᠡᠭᠦᠯᠬᠦ ᠲᠤᠬᠠᠢ ᠮᠡᠳᠡᠭᠳᠡᠯ︾ ᠢ ᠤᠯᠠᠮᠵᠢᠯᠠᠭᠰᠠᠨ ᠤ ᠬᠠᠮᠲᠤ ᠡᠨᠡ ᠵᠢᠯ ᠤᠨ ᠠᠵᠢᠯ ᠤᠨ ᠭᠤᠣᠯᠳᠠᠯᠭ᠎ᠠ ᠶᠢ ᠴᠢᠬᠤᠯᠠᠴᠢᠯᠠᠭᠰᠠᠨ ᠪᠠᠶᠢᠨ᠎ᠠ᠃ ᠯᠢᠨ ᠫᠢᠩ ᠠᠴᠠ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠦᠷ᠎ᠡ ᠬᠡᠦᠬᠡᠳ ᠤᠨ ᠳᠠᠭᠠᠳᠬᠠᠯ ᠤᠨ ᠲᠠᠯ᠎ᠠ ᠪᠠᠷ ᠡᠯ᠎ᠡ ᠲᠣᠰᠬᠤᠨ ᠤ ᠲᠥᠯᠥᠪᠯᠡᠭᠡᠲᠦ ᠦᠷᠡᠵᠢᠯ ᠤᠨ ᠠᠵᠢᠯᠳᠠᠳ ᠲᠤ ᠬᠢᠴᠢᠶᠡᠯ ᠲᠠᠶᠢᠯᠤᠮᠵᠢ ᠬᠢᠭᠰᠡᠨ ᠪᠥᠭᠡᠳ ᠲᠠᠭᠠᠳᠬᠠᠯ ᠤᠨ ᠲᠥᠯᠥᠪᠦᠷᠢ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂  ᠠᠵᠢᠯᠳᠠᠳ ᠤᠨ ᠳᠤᠷᠠᠳᠤᠭᠰᠠᠨ ᠠᠰᠠᠭᠤᠳᠠᠯ ᠳᠤ  ᠨᠢᠭᠡᠳ ᠨᠢᠬᠡ ᠪᠠᠷ ᠬᠠᠷᠢᠭᠤᠯᠲᠠ ᠥᠭᠴᠡᠢ᠃  ᠵᠢᠶᠠ ᠶᠠᠨ ᠬᠤᠷᠠᠯ ᠡᠷᠬᠢᠯᠡᠬᠦ ᠶᠠᠷᠢᠶᠠᠨ ᠳᠠᠭᠠᠨ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠦᠷ᠎ᠡ ᠬᠡᠦᠬᠡᠳ ᠤᠨ ᠳᠠᠭᠠᠳᠬᠠᠯ ᠤᠨ ᠠᠵᠢᠯ ᠢ ᠥᠷᠨᠢᠭᠦᠯᠬᠦ ᠪᠣᠯ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠦᠷ᠎ᠡ ᠬᠡᠦᠬᠡᠳ ᠲᠤ ᠦᠨᠡᠨ ᠪᠣᠳᠠᠲᠠᠢ ᠠᠰᠢᠭ ᠲᠤᠰᠠ ᠬᠦᠷᠳᠡᠭᠡᠬᠦ‍ ᠨᠢᠭᠡ ᠵᠦᠢᠯ ᠤᠨ ᠠᠷᠭ᠎ᠠ ᠪᠠᠷᠢᠯ ᠮᠥᠨ᠂ ᠡᠯ᠎ᠡ ᠲᠣᠰᠬᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠨᠠᠶᠢᠳᠠᠪᠤᠷᠢᠵᠢᠭᠤᠯᠤᠨ᠂  ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠡᠨᠡ ᠬᠦ᠋ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠤᠨ ᠳᠠᠷᠠᠭ᠎ᠠ᠂ ᠡᠯ᠎ᠡ ᠲᠣᠰᠬᠤᠨ ᠤ ᠲᠥᠯᠥᠪᠯᠡᠭᠡᠲᠦ ᠦᠷᠡᠵᠢᠯ ᠤᠨ ᠠᠵᠢᠯᠳᠠᠳ ᠳᠠᠭᠠᠳᠬᠠᠯ ᠤᠨ ᠰᠢᠰᠲ᠋ᠧᠮ ᠢ ᠠᠵᠢᠯᠯᠠᠭᠤᠯᠬᠤ ᠲᠤᠬᠠᠢ ᠰᠣᠷᠢᠯᠲᠠ ᠬᠢᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号