ᠶᠦᠩ ᠹᠧᠩ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/9/5
  ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠪᠠᠲᠤ ᠪᠤᠶ ᠪᠤᠯᠭᠠᠨ᠂ ᠪᠦᠬᠦ ᠪᠠᠯᠭᠠᠰᠤᠨ ᠤ  ᠠᠶᠤᠯᠬᠦᠢ ᠦᠢᠯᠡᠳᠪᠦᠷᠢᠯᠡᠯ ᠤᠨ ᠠᠵᠢᠯ ᠢ ᠦᠨᠡᠨᠬᠦ  ᠰᠠᠶᠢᠨ ᠬᠢᠵᠦ᠂ ᠡᠯ᠎ᠡ ᠲᠦᠷᠦᠯ ᠤᠨ ᠤᠰᠤᠯ ᠠᠳᠡᠯ ᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠦᠯᠦᠭᠡ᠂  9 ᠰᠠᠷ᠎ᠠ ᠶᠢᠨ 1  ᠤ ᠡᠳᠦᠷ ᠶᠦᠩ ᠹᠧᠩ ᠪᠠᠯᠭᠠᠰᠤ ᠨᠢ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠵᠤ᠂ ᠪᠠᠯᠭᠠᠰᠤᠨ ᠤ ᠬᠠᠷᠢᠶᠠᠨ ᠳᠠᠬᠢ   ᠰᠢᠩ ᠹᠦ᠋ ᠰᠢᠨ᠎ᠡ  ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠺᠣᠮᠫᠠᠨᠢ᠂ ᠿᠢ ᠱᠧᠩ ᠴᠠᠩ ᠲᠠᠷᠢᠶᠠᠯᠠᠩ ᠤᠨ  ᠰᠢᠨᠵᠢᠯᠡᠭᠡ ᠮᠡᠷᠭᠡᠵᠢᠯ ᠤᠨ ᠺᠣᠮᠫᠠᠨᠢ᠂ ᠰᠧ ᠬᠠᠢ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ᠂ ᠬᠤᠩ ᠱᠧᠩ ᠮᠢᠬᠠᠨ ᠤ ᠦᠢᠯᠡᠰ ᠤᠨ ᠺᠣᠮᠫᠠᠨᠢ᠂ ᠲᠣᠰᠣ ᠨᠡᠮᠡᠬᠦ ᠦᠷᠳᠡᠭᠡ ᠵᠡᠷᠭᠡ ᠳᠤ ᠬᠦᠨᠵᠡᠬᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃  ᠡᠨᠡ  ᠤᠳᠠᠭ᠎ᠠ ᠭᠤᠤᠯᠳᠠᠭᠤ  ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠠᠮᠤᠷ ᠲᠦᠪᠰᠢᠨ ᠤ ᠪᠣᠯᠪᠠᠰᠤᠷᠠᠯ ᠬᠥᠮᠦᠵᠢᠯ  ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠭᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠡ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠲᠠᠯ᠎ᠠ ᠪᠠᠷ ᠪᠠᠶᠢᠴᠠᠭᠠᠯᠲᠠ ᠬᠢᠪᠡ᠃  ᠪᠠᠶᠢᠴᠠᠭᠠᠬᠤ ᠶᠠᠪᠤᠴᠠ ᠳᠤ 8 ᠵᠤᠷᠪᠤᠰ ᠡᠩ ᠤᠨ ᠬᠡᠮ ᠰᠣᠭᠤᠭ ᠢ  ᠢᠯᠡᠷᠡᠭᠦᠯᠵᠦ᠂  ᠲᠠᠷᠤᠶᠢᠬᠠᠨ ᠥᠭᠡᠷᠡᠴᠢᠯᠡᠬᠦ  ᠱᠠᠭᠠᠷᠳᠠᠯᠭ᠎ᠠ ᠲᠠᠯᠪᠢᠭᠰᠠᠨ ᠤ  ᠪᠦᠭᠡᠳ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢ  ᠭᠤᠣᠯᠳᠠᠯᠭ᠎ᠠ ᠲᠠᠢ ᠭᠤᠭᠴᠤᠭᠠᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠥᠪᠡᠰᠦᠪᠡᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ ᠬᠡᠮ ᠰᠣᠭᠤᠭ ᠢ ᠬᠦᠢᠴᠡᠳ ᠠᠷᠢᠯᠭᠠᠬᠤ ᠭᠡᠷᠡᠭᠳᠡᠢ ᠬᠡᠵᠦ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠠᠴᠠ᠂  ᠬᠤᠷᠢᠭ᠎ᠠ ᠱᠤᠭᠤᠮ ᠤᠨ ᠤᠬᠠᠮᠰᠠᠷ ᠪᠠ ᠰᠡᠳᠬᠢᠬᠦᠢ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ  ᠪᠤᠳᠠᠳᠠᠶᠢᠵᠢᠭᠤᠯᠤᠨ᠂ ᠠᠷᠭ᠎ᠠ ᠪᠠᠷᠢᠯ ᠢᠶᠠᠨ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠳᠦᠷᠢᠮ᠂ ᠭᠠᠯ ᠤᠨᠲᠠᠷᠠᠭᠠᠬᠤ ᠤᠬᠠᠮᠰᠠᠷ ᠢ ᠴᠢᠩᠭᠠᠳᠬᠠᠨ᠂  ᠤᠰᠤᠯ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠭᠤᠣᠯᠳᠠᠯᠭ᠎ᠠ ᠲᠠᠢ ᠭᠤᠭᠴᠤᠭ᠎ᠠ ᠪᠣᠯᠣᠨ ᠵᠠᠩᠭᠢᠯᠠᠭ᠎ᠠ ᠶᠢᠨ ᠬᠡᠰᠡᠭ ᠢ ᠨᠢᠬᠳᠠ ᠠᠩᠬᠠᠷᠴᠤ᠂ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠬᠡᠮ ᠰᠣᠭᠤᠭ ᠤᠨ  ᠪᠠᠶᠢᠴᠠᠭᠠᠯᠳᠠ ᠴᠡᠭᠴᠡᠯᠡᠯᠳᠡ ᠶᠢ ᠪᠠᠶᠢᠩᠭᠤ ᠶᠢᠨ ᠴᠢᠨᠠᠷᠳᠠᠢ ᠰᠠᠶᠢᠲᠤᠷ ᠥᠷᠨᠢᠭᠦᠯᠵᠦ᠂  ᠠᠶᠤᠯ ᠬᠡᠮ ᠢ  ᠴᠤᠬᠤᠶᠢᠮᠠᠭᠴᠠ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ  ᠴᠠᠭ ᠢᠮᠠᠭᠲᠠ ᠴᠢᠩᠭᠠᠯᠠᠨ᠂ ᠳᠡᠭᠡᠳᠦ  ᠬᠡᠮᠵᠢᠶᠡᠨ ᠤ ᠬᠠᠷᠢᠭᠤᠴᠠᠯᠭᠠᠳᠤ ᠣᠪᠣᠷ᠂ ᠬᠢᠨᠠᠭᠤᠷ ᠨᠢᠮᠪᠠᠢ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠰᠤᠯ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠢ ᠬᠡᠵᠦ ᠴᠢᠬᠤᠯᠠᠴᠢᠯᠠᠵᠠᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号