ᠴᠧᠨ ᠶᠠᠨ ᠪᠦᠦ ᠰᠤᠮᠤ ᠰᠢᠶᠠᠩ ᠪᠠᠯᠭᠠᠰᠤᠨ ᠳᠤ  ᠬᠦᠨᠵᠡᠬᠡᠶᠢᠷᠡᠵᠦ ᠬᠢᠵᠢᠭ ᠰᠡᠷᠭᠡᠶᠢᠯᠡᠯᠳᠡ‌‍ᠤ᠋ ᠪᠠ ᠨᠠᠮᠤᠷ ᠤᠨ ᠬᠤᠷᠢᠶᠠᠯᠲᠠ ᠶᠢᠨ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/9/7
  9 ᠰᠠᠷ᠎ᠠ   ᠶᠢᠨ 5   ᠠᠴᠠ 6 ᠤ ᠡᠳᠦᠷ ᠪᠣᠯᠲᠠᠯ᠎ᠠ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ  ᠬᠤᠩ ᠴᠢ ᠪᠠᠯᠭᠠᠰᠤ᠂ ᠶᠦᠩ ᠹᠧᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ ᠯᠥᠸᠧ  ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ᠂ ᠬᠢᠵᠢᠭ ᠰᠡᠷᠭᠡᠶᠢᠯᠡᠯᠳᠡ ᠪᠠ ᠨᠠᠮᠤᠷ ᠤᠨ ᠬᠤᠷᠢᠶᠠᠯᠲᠠ   ᠶᠢᠨ ᠠᠵᠢᠯ   ᠢ ᠪᠠᠶᠢᠴᠠᠭᠠᠨ ᠰᠤᠳᠤᠯᠪᠠ᠃ ᠴᠧᠨ ᠶᠠᠨ ᠪᠦᠦ ᠪᠠᠶᠢᠴᠠᠭᠠᠨ ᠰᠤᠳᠤᠯᠬᠤ ᠬᠤᠭᠤᠴᠠᠭᠠᠨ  ᠳᠠᠭᠠᠨ᠂ ᠣᠳᠣ ᠪᠤᠯ ᠶᠠᠭ ᠨᠠᠮᠤᠷ ᠤᠨ ᠬᠤᠷᠢᠶᠠᠯᠲᠠ ᠶᠢᠨ ᠴᠠᠭ ᠪᠤᠯᠵᠤ᠂  ︽ᠬᠤᠣᠰ ᠪᠠᠶᠠᠷ︾  ᠴᠤ ᠤᠶᠢᠷᠠᠳᠤᠭᠠᠳ᠂ ᠭᠠᠳᠠᠨ᠎ᠠ ᠠᠴᠠ ᠢᠷᠡᠬᠦ ᠬᠥᠮᠥᠰ ᠪᠠ ᠨᠤᠲᠤᠭ ᠲᠠᠭᠠᠨ ᠪᠤᠴᠠᠬᠤ ᠬᠦᠮᠦᠨ ᠬᠠᠷ᠎ᠠ ᠣᠯᠠᠰᠢᠷᠠᠵᠤ ᠪᠤᠢ᠂ ᠡᠯ᠎ᠡ ᠰᠤᠮᠤ ᠰᠢᠶᠠᠩ ᠪᠠᠯᠭᠠᠰᠤ ᠨᠢ ᠣᠳᠣᠬᠠᠨ ᠤ ᠡᠪᠡᠳᠴᠢᠨ ᠬᠢᠵᠢᠭ ᠤᠨ  ᠬᠦᠨᠳᠦ ᠬᠡᠴᠡᠭᠦᠦ ᠪᠠᠶᠢᠳᠠᠯ ᠢ ᠭᠦᠨᠵᠡᠭᠡᠢ ᠲᠠᠨᠢᠵᠤ᠂ ᠭᠠᠳᠠᠨ᠎ᠠ   ᠠᠴᠠ  ᠢᠷᠡᠭᠰᠡᠳ ᠢ ᠪᠠᠶᠢᠴᠠᠭᠠᠵᠤ ᠬᠠᠷᠭᠤᠭᠤᠯᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠲᠡᠰ ᠤᠨ  ᠲᠦᠭᠰᠢᠬᠦᠷᠢᠳᠦ ᠣᠷᠣᠨ ᠤ ᠬᠤᠪᠢᠷᠠᠯ ᠪᠠᠶᠢᠳᠠᠯ ᠢ ᠴᠠᠭ ᠢᠮᠠᠭᠲᠠ ᠠᠩᠬᠠᠷᠤᠨ᠂ ᠢᠯᠠᠩᠭᠤᠶ᠎ᠠ ᠤᠯᠠᠭᠠᠨᠬᠠᠳᠠ᠂ ᠰᠢᠯᠢᠩᠬᠤᠲᠠ ᠵᠡᠷᠭᠡ ᠭᠤᠣᠯᠳᠠᠯᠭ᠎ᠠ ᠲᠠᠢ ᠭᠠᠵᠠᠷ ᠣᠷᠣᠨ   ᠠᠴᠠ ᠢᠷᠡᠭᠰᠡᠳ ᠢ ᠴᠢᠩᠭ᠎ᠠ ᠬᠠᠮᠢᠶᠠᠷᠤᠨ ᠡᠵᠡᠮᠳᠡᠵᠦ  ᠂  ᠬᠢᠵᠢᠭ ᠰᠡᠷᠭᠡᠶᠢᠯᠡᠬᠦ ᠬᠠᠷᠢᠭᠤᠴᠠᠯᠭ᠎ᠠ ᠶᠢ ᠡᠷᠡᠰ ᠬᠦᠢᠴᠡᠳᠭᠡᠬᠦ ᠬᠡᠷᠡᠭᠲᠡᠢ᠃ ᠣᠯᠠᠨ ᠲᠦᠮᠡᠨ ᠢ ᠵᠣᠬᠢᠶᠠᠨ ᠪᠠᠶᠢᠭᠤᠯᠵᠤ ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠬᠦ ᠶᠢᠨ ᠬᠠᠮᠳᠤ᠂ ᠬᠢᠵᠢᠭ ᠰᠡᠷᠭᠡᠶᠢᠯᠡᠯᠳᠡ ᠪᠠ ᠨᠠᠮᠤᠷ ᠤᠨ ᠦᠢᠯᠡᠳᠪᠦᠷᠢᠯᠡᠯ ᠢ ᠬᠤᠶᠠᠷ ᠲᠠᠯ᠎ᠠ ᠪᠠᠷ ᠠᠳᠬᠤᠨ᠂  ᠠᠯᠢ ᠠᠯᠢᠨ ᠢ ᠨᠢ ᠴᠤ ᠰᠠᠭᠠᠲᠠᠭᠠᠬᠤ ᠦᠭᠡᠢ ᠪᠠᠶᠢᠵᠤ᠂ ᠮᠠᠯᠴᠢᠨ ᠲᠠᠷᠢᠶᠠᠴᠢᠨ ᠢ ᠬᠠᠪᠰᠤᠷᠤᠨ ᠨᠠᠮᠤᠷ ᠤᠨ ᠦᠢᠯᠡᠳᠪᠦᠷᠢᠯᠡᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠠᠮᠤᠷ ᠤᠨ ᠬᠤᠷᠢᠶᠠᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠴᠧᠨ ᠶᠠᠨ ᠪᠦᠦ ᠪᠠᠰᠠ ᠬᠥᠷᠥᠰᠥ ᠰᠢᠷᠣᠢ ᠰᠠᠶᠢᠵᠢᠷᠠᠭᠤᠯᠬᠤ ᠲᠤᠷᠰᠢᠯᠲᠠ ᠶᠢᠨ ᠲᠠᠷᠢᠶ᠎ᠠ᠂ ᠪᠢᠶᠠᠨ ᠴᠢᠶᠠᠩ ᠲᠣᠰᠬᠤᠨ ᠤ ᠢᠳᠡᠰᠢᠨ ᠨᠣᠭᠤᠭ᠎ᠠ ᠬᠠᠳᠠᠭᠠᠯᠠᠬᠤ ᠬᠥᠮᠥᠷᠭᠡ᠂ ᠬᠠᠨ ᠢᠦᠢ ᠶᠢᠩ ᠭᠤᠣᠯ ᠤᠨ ᠦᠶᠡᠷ ᠰᠡᠷᠭᠡᠶᠢᠯᠡᠬᠦ ᠵᠠᠰᠠᠯᠲᠠ ᠶᠢᠨ ᠢᠨᠵᠧᠨᠧᠷᠢᠩ᠂  ︽304︾  ᠵᠠᠮ ᠤᠨ ᠪᠠᠷᠢᠯᠭ᠎ᠠ ᠶᠢᠨ ᠭᠠᠵᠠᠷ ᠲᠤ ᠬᠦᠨᠵᠡᠬᠡᠶᠢᠷᠡᠨ᠂ ᠲᠦᠷᠦᠯ ᠵᠦᠢᠯ ᠤᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠳᠤ ᠲᠤᠬᠢᠷᠠᠭᠤᠯᠤᠯᠳᠠ ᠬᠢᠵᠡᠢ᠃  ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号