ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠤᠷᠰᠢᠭᠳᠤ ᠬᠢᠵᠢᠭ ᠢ ᠰᠡᠷᠭᠡᠶᠢᠯᠡᠨ ᠬᠤᠷᠢᠭᠯᠠᠨ᠎ᠠ
ᠨᠡᠶᠢᠲᠡᠯᠡᠭᠰᠡᠨ ᠴᠠᠭ᠄
2022/9/7
   ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠬᠦᠯᠵᠦ᠂ ᠲᠠᠶᠢᠹᠤᠰᠧ ᠬᠤᠰᠢᠭᠤ ᠨᠢ ᠮᠠᠰᠢᠨ ᠲᠡᠷᠭᠡᠨ ᠤ ᠥᠷᠲᠡᠭᠡ ᠂ ᠲᠣᠮᠣ ᠬᠡᠯᠪᠡᠷᠢ ᠶᠢᠨ ᠳᠡᠯᠭᠡᠭᠦᠷ ᠬᠤᠳᠠᠯᠳᠤᠭ᠎ᠠ ᠵᠡᠷᠭᠡ ᠬᠥᠮᠥᠨ ᠬᠠᠷ᠎ᠠ ᠲᠥᠪᠯᠡᠷᠡᠭᠰᠡᠨ ᠭᠤᠣᠯᠳᠠᠯᠭ᠎ᠠ ᠲᠠᠢ ᠲᠠᠯᠠᠪᠤᠷ  ᠤᠨ  ᠬᠠᠮᠢᠶᠠᠷᠤᠯᠳᠠ ᠶᠢ ᠤᠯᠠᠮ ᠴᠢᠩᠭᠠᠳᠬᠠᠨ᠂ ᠡᠯ᠎ᠡ  ᠲᠦᠷᠦᠯ ᠤᠨ ᠬᠢᠵᠢᠭ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠰᠡᠷᠭᠡᠶᠢᠯᠡᠨ ᠡᠵᠡᠮᠳᠡᠬᠦ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠭᠡᠷᠡᠭᠵᠢᠬᠦᠯᠦᠨ᠂ ᠬᠢᠵᠢᠭ ᠰᠡᠷᠭᠡᠶᠢᠯᠡᠯᠳᠡ ᠶᠢᠨ ᠲᠣᠣᠷ ᠢ ᠨᠠᠷᠢᠨ ᠨᠢᠭᠲᠠ ᠰᠦᠯᠵᠢᠵᠦ ᠪᠠᠶᠢᠨ᠎ᠠ᠃  ᠪᠤᠤᠴᠠᠩ ᠤᠨ ᠲᠡᠷᠭᠡᠨ ᠥᠷᠲᠡᠭᠡᠨ ᠳᠤ᠂ ᠠᠵᠢᠯᠳᠠᠳ ᠠᠴᠠ ᠠᠶᠠᠨᠴᠢᠳ ᠤᠨ ᠬᠠᠯᠠᠭᠤᠨ ᠢ ᠬᠡᠮᠵᠢᠬᠦ᠂ ᠲᠠᠯᠠᠪᠤᠷ ᠤᠨ ᠺᠤᠳ᠋ ᠰᠢᠷᠪᠢᠬᠦ᠂  ᠠᠶᠤᠯᠬᠦᠢ ᠵᠠᠢ ᠠᠪᠬᠤ᠂ ᠡᠷᠡᠭᠦᠯ ᠮᠡᠨᠳᠦ ᠶᠢᠨ ᠺᠤᠳ᠋ ᠪᠠ ᠠᠶᠠᠯᠠᠯ ᠤᠨ ᠺᠤᠳ᠋ ᠢ ᠪᠠᠶᠢᠴᠠᠭᠠᠨ ᠰᠢᠯᠭᠠᠬᠤ ᠵᠡᠷᠭᠡ ᠶᠠᠪᠤᠴᠠ ᠶᠢ  ᠵᠢᠯᠤᠭᠤᠳᠤᠨ ᠬᠢᠯᠬᠡᠵᠦ᠂ ᠣᠶᠤᠯᠢᠭ ᠭᠠᠷ ᠤᠲᠠᠰᠤ ᠦᠭᠡᠢ ᠬᠥᠮᠥᠰ ᠢ ᠦᠨᠡᠨ ᠨᠡᠷ᠎ᠡ ᠪᠠᠷ ᠨᠢ ᠲᠠᠩᠰᠠᠯᠠᠨ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠳᠤᠯᠠᠨ᠎ᠠ᠃ ᠠᠵᠢᠯᠲᠠᠳ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠪᠠᠰᠠ ᠰᠠᠯᠬᠢ ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠴᠢᠩᠭ᠎ᠠ ᠬᠢᠵᠦ᠂ ᠲᠡᠷᠭᠡ ᠬᠦᠯᠢᠶᠡᠬᠦ ᠲᠢᠩᠬᠢᠮ᠂ ᠪᠢᠯᠧᠲ ᠬᠤᠳᠠᠯᠳᠤᠬᠤ ᠭᠠᠵᠠᠷ᠂ ᠪᠢᠯᠧᠲ ᠪᠠᠶᠢᠴᠠᠭᠠᠬᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠳᠤ ᠡᠳᠦᠷ ᠪᠦᠷᠢ ᠬᠤᠶᠠᠷ ᠤᠳᠠᠭ᠎ᠠ ᠠᠷᠢᠭᠤᠳᠬᠠᠯ ᠬᠢᠵᠦ᠂   ᠠᠶᠠᠨᠴᠢᠳ ᠤᠨ ᠠᠶᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ ᠪᠤᠢ᠃ ᠡᠬᠦᠨ ᠤ ᠬᠠᠮᠳᠤ᠂ ᠲᠡᠷᠭᠡ ᠬᠦᠯᠢᠶᠡᠬᠦ ᠲᠢᠩᠬᠢᠮ ᠳᠤ ᠬᠢᠵᠢᠭ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠨᠠᠭᠠᠵᠤ᠂ ᠠᠶᠠᠨᠴᠢᠳ ᠲᠤ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ ᠬᠡᠮᠡᠨ ᠴᠠᠭ ᠢᠮᠠᠭᠲᠠ ᠰᠠᠨᠠᠭᠤᠯᠵᠤ ᠪᠠᠶᠢᠨ᠎ᠠ᠃     ᠠᠶᠠᠨᠴᠢᠨ ᠰᠧ ᠴᠢ ᠹᠧᠩ᠄  ︽ᠲᠡᠷᠭᠡᠨ ᠦᠷᠳᠡᠭᠡᠨ ᠤ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠮᠠᠰᠢ ᠰᠠᠶᠢᠨ ᠪᠠᠶᠢᠭ᠎ᠠ᠂ ᠣᠷᠣᠵᠤ  ᠭᠠᠷᠬᠤ ᠳᠤ  ᠮᠠᠨ ᠤ  ᠬᠠᠮᠢᠶ᠎ᠠ ᠪᠦᠬᠦᠢ ᠮᠡᠳᠡᠭᠡ ᠵᠠᠩᠭᠢ   ᠶᠢ ᠳᠡᠩᠰᠡᠯᠡᠨ ᠲᠡᠮᠳᠡᠭᠯᠡᠵᠦ᠂ ᠠᠶᠠᠨᠴᠢᠨ ᠨᠢᠭᠡᠪᠦᠷᠢ   ᠶᠢᠨ ᠠᠮᠤᠷ ᠲᠦᠪᠰᠢᠨ   ᠢ  ᠪᠠᠳᠤᠯᠠᠵᠤ ᠪᠠᠶᠢᠨ᠎ᠠ᠂ ᠠᠶᠠᠨᠴᠢᠳ ᠴᠤ ᠢᠳᠡᠪᠬᠢᠲᠡᠢ ᠪᠠᠷ ᠬᠠᠮᠵᠢᠯᠴᠠᠬᠤ ᠨᠢ ᠵᠦᠪ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾᠃     ︽ ᠲᠠᠯᠠᠪᠤᠷ ᠤᠨ ᠺᠤᠳ᠋ ᠶᠢ  ᠰᠢᠷᠪᠢᠬᠡᠷᠡᠢ︾ ︽ ᠠᠮᠠᠪᠴᠢ ᠪᠠᠨ ᠰᠠᠶᠢᠬᠠᠨ ᠵᠡᠭᠦᠵᠦ᠂ ᠨᠢᠭᠡ ᠮᠧᠲᠷ ᠤᠨ ᠵᠠᠢ ᠶᠢ ᠪᠠᠲᠤᠯᠠᠭᠠᠷᠠᠢ ᠁︾ ᠬᠡᠵᠦ᠂ ᠸᠠᠨ ᠺᠧ ᠯᠦᠩ  ᠴᠢᠯᠦᠬᠡᠳᠦ ᠳᠡᠯᠭᠡᠭᠦᠷ ᠤᠨ ᠠᠵᠢᠯᠲᠠᠨ ᠠᠴᠠ ᠳᠡᠯᠭᠡᠭᠦᠷ ᠲᠤ  ᠤᠷᠤᠬᠤ   ᠵᠣᠴᠢᠳ ᠲᠤ ᠪᠠᠶᠢᠨ ᠲᠠᠬᠢᠨ ᠰᠠᠨᠠᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠬᠢᠵᠢᠭ  ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠬᠤ ᠬᠡᠷᠡᠭᠲᠡᠢ ᠭᠡᠵᠦ  ᠵᠠᠬᠢᠵᠤ ᠪᠠᠶᠢᠯ᠎ᠠ᠃  ᠴᠢᠯᠦᠬᠡᠳᠦ ᠳᠡᠯᠭᠡᠭᠦᠷ ᠤᠨ ᠰᠡᠷᠭᠡᠶᠢᠯᠡᠨ ᠡᠵᠡᠮᠳᠡᠬᠦ  ᠠᠵᠢᠯ ᠳᠤ ᠠᠷᠠᠳ ᠢᠷᠭᠡᠳ ᠴᠤ ᠮᠠᠰᠢ ᠢᠳᠡᠪᠬᠢᠳᠡᠢ ᠬᠠᠮᠵᠢᠯᠴᠠᠵᠤ᠂  ᠤᠬᠠᠮᠰᠠᠷ ᠠᠴᠠ ᠪᠠᠨ ᠲᠠᠯᠠᠪᠤᠷ ᠤᠨ ᠺᠤᠳ᠋   ᠢ  ᠰᠢᠷᠪᠢᠨ᠂ ᠪᠡᠶ᠎ᠡ ᠶᠢᠨ ᠳᠤᠯᠠᠭᠠᠨ ᠢᠶᠠᠨ ᠬᠡᠮᠵᠢᠬᠦᠯᠵᠡᠬᠡᠨ᠎ᠡ᠃ ᠵᠣᠴᠢᠨ ᠬᠤᠸᠠᠩ ᠰᠢᠨ ᠶᠠᠨ᠄ ︽ ᠴᠢᠯᠦᠬᠡᠳᠦ ᠳᠡᠯᠭᠡᠭᠦᠷ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠳᠤ ᠪᠢᠳᠡ ᠢᠳᠡᠪᠬᠢᠲᠡᠢ ᠪᠠᠷ  ᠬᠠᠮᠵᠢᠯᠴᠠᠬᠤ ᠶᠤᠰᠤᠳᠠᠢ᠂ ᠣᠯᠠᠨ ᠢᠶᠠᠷ ᠢᠶᠠᠨ ᠪᠦᠷ ᠠᠮᠠᠪᠴᠢ ᠵᠡᠭᠦᠵᠦ᠂ ᠰᠡᠷᠭᠡᠶᠢᠯᠡᠨ ᠬᠠᠮᠠᠭᠠᠯᠠᠬᠤ ᠠᠵᠢᠯ   ᠢ ᠰᠠᠶᠢᠲᠤᠷ ᠬᠢᠬᠦ ᠬᠡᠷᠡᠭᠲᠡᠢ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠳᠤ ᠬᠥᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ︾᠃     ᠴᠢᠯᠦᠬᠡᠳᠦ ᠳᠡᠯᠭᠡᠭᠦᠷ ᠤᠨ ᠪᠠᠷᠠᠭᠠᠨ ᠤ ᠲᠠᠯᠪᠢᠭᠤᠷ ᠲᠡᠭᠡᠷ᠎ᠡ ᠭᠤᠯᠢᠷ ᠪᠤᠳᠠᠭ᠎ᠠ ᠮᠢᠬ᠎ᠠ ᠨᠤᠭᠤᠭᠠᠨ ᠤ ᠵᠦᠢᠯ ᠪᠦᠷᠢᠨ ᠲᠦᠬᠦᠷᠡᠩ  ᠬᠠᠷᠠᠭᠳᠠᠵᠤ᠂  ᠪᠠᠷᠠᠭᠠᠨ ᠤ ᠬᠠᠩᠭᠠᠯᠭ᠎ᠠ ᠭᠦᠢᠴᠡᠳ ᠪᠠᠶᠢᠵᠤ᠂  ᠬᠤᠳᠠᠯᠳᠤᠨ ᠠᠪᠬᠤ ᠠᠵᠢᠯ ᠡᠮᠬᠢ ᠳᠢᠭᠯᠢᠮ ᠲᠠᠢ ᠶᠠᠪᠤᠭᠳᠠᠨ᠎ᠠ᠃     ᠸᠠᠨ ᠺᠧ ᠯᠦᠩ ᠴᠢᠯᠦᠬᠡᠳᠦ ᠳᠡᠯᠭᠡᠭᠦᠷ ᠤᠨ ᠳᠠᠭᠠᠭᠠᠮᠠᠯ ᠳ᠋ᠠᠢ ᠵᠢᠢ ᠭᠤᠸ᠄  ︽ᠵᠣᠴᠢᠳ ᠤᠨ  ᠡᠷᠡᠬᠦᠯ ᠮᠡᠨᠳᠦ ᠠᠮᠤᠷ ᠲᠦᠪᠰᠢᠨ ᠢ ᠪᠠᠳᠤᠯᠠᠬᠤ ᠶᠢᠨ ᠲᠥᠯᠥᠭᠡ᠂ ᠳᠡᠯᠭᠡᠭᠦᠷ ᠲᠤ ᠤᠷᠤᠬᠤ ᠳᠤ ᠪᠦᠷ ᠪᠡᠶ᠎ᠡ   ᠶᠢᠨ ᠳᠤᠯᠠᠭᠠᠨ   ᠢ ᠬᠡᠮᠵᠢᠵᠦ᠂ ᠲᠠᠯᠠᠪᠤᠷ ᠤᠨ ᠨᠣᠮᠧᠷ   ᠢ  ᠰᠢᠷᠪᠢᠬᠦᠯᠦᠨ᠂ ᠠᠮᠠᠪᠴᠢ ᠵᠡᠭᠦᠬᠦ   ᠶᠢ  ᠱᠠᠭᠠᠷᠳᠠᠵᠤ ᠪᠠᠶᠢᠨ᠎ᠠ᠂  ᠮᠠᠨ ᠤ ᠠᠵᠢᠯᠲᠠᠳ ᠴᠤ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠵᠦ᠂  ᠲᠡᠯᠬᠡᠬᠦᠷ ᠤᠨ ᠢᠶᠠᠨ ᠲᠤᠨᠤᠭ ᠲᠥᠬᠦᠭᠡᠷᠦᠮᠵᠢ  ᠂  ᠭᠡᠷᠡᠮ ᠱᠠᠯᠠ ᠶᠢ ᠥᠷᠯᠥᠭᠡ᠂ ᠦᠳᠡ᠂ ᠣᠷᠣᠢ ᠨᠢ ᠭᠤᠷᠪᠠ ᠤᠳᠠᠭ᠎ᠠ  ᠠᠷᠢᠭᠤᠳᠬᠠᠵᠤ ᠪᠤᠢ᠃ ᠡᠪᠡᠳᠴᠢᠨ ᠬᠢᠵᠢᠭ ᠢ ᠰᠡᠷᠭᠡᠶᠢᠯᠡᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠂ ᠥᠷᠭᠡᠨ ᠤᠯᠠᠨ ᠠᠷᠠᠳ ᠢᠷᠭᠡᠳ   ᠬᠥᠮᠥᠨ ᠤᠯᠠᠨᠳᠠᠢ ᠭᠠᠵᠠᠷ ᠲᠤ ᠣᠴᠢᠬᠤ ᠳᠠᠭᠠᠨ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠭᠡᠷᠡᠭᠵᠢᠬᠦᠯᠵᠦ᠂ ᠬᠢᠯᠪᠠᠷ ᠪᠤᠰᠤ ᠪᠠᠷ ᠣᠯᠣᠭᠰᠠᠨ  ᠬᠢᠵᠢᠭ ᠰᠡᠷᠭᠡᠶᠢᠯᠡᠯᠳᠡ ᠶᠢᠨ ᠦᠷ᠎ᠡ ᠪᠦᠲᠦᠭᠡᠯ ᠢᠶᠠᠨ ᠬᠠᠮᠲᠤ ᠪᠠᠷ ᠪᠠᠲᠤᠳᠬᠠᠬᠤ ᠶᠢ ᠬᠦᠰᠡᠵᠦ ᠪᠠᠶᠢᠨ᠎ᠠ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号