ᠬᠤᠩ ᠴᠢ ᠪᠠᠯᠭᠠᠰᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠨᠢᠬᠡᠳᠦᠭᠡᠷ ᠹᠠᠷᠤᠨᠲ ᠤᠨ ᠠᠵᠢᠯᠳᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/9
 ︽ᠲᠡᠷᠭᠡᠯ ᠰᠠᠷᠠᠨ ᠤ ᠪᠠᠶᠠᠷ  ︾ ᠬᠦᠷᠴᠦ ᠢᠷᠡᠬᠦ ᠲᠠᠰᠢᠷᠠᠮ ᠳᠤ᠂ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ  ᠬᠦᠷᠭᠡᠬᠦ ᠶᠢᠨ ᠲᠥᠯᠥᠭᠡ᠂ ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠱᠧᠦ ᠴᠢᠶᠠᠩ ᠨᠦᠬᠦᠷ  ᠪᠤᠤᠴᠠᠩ  — ᠮᠢᠩᠭᠠᠨᠳᠤ ᠵᠠᠰᠠᠮᠠᠯ ᠵᠠᠮ ᠤᠨ ᠰᠢᠨ ᠾᠧ ᠲᠣᠰᠬᠤᠨ ᠤ ᠪᠠᠶᠢᠴᠠᠭᠠᠯᠳᠠ ᠶᠢᠨ ᠴᠡᠭ ᠲᠤ ᠬᠦᠷᠴᠦ  ᠂ ᠬᠢᠵᠢᠭ ᠰᠡᠷᠭᠡᠶᠢᠯᠡᠬᠦ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠤ ᠬᠠᠮᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠰᠢᠷᠭᠠᠭᠤ ᠬᠠᠲᠠᠭᠤᠵᠢᠯᠲᠠᠢ ᠵᠢᠳᠬᠦᠯ ᠴᠢᠷᠮᠠᠶᠢᠯᠭ᠎ᠠ ᠭᠠᠷᠭᠠᠭᠰᠠᠨ ᠳᠤᠨᠢ  ᠬᠦᠨᠳᠦᠳᠬᠡᠯ ᠲᠠᠯᠠᠷᠬᠠᠯ ᠲᠡᠪᠰᠢᠬᠦᠯᠵᠡᠢ᠃  ᠵᠠᠩ ᠱᠧᠦ ᠴᠢᠶᠠᠩ ᠺᠠᠳ᠋ᠷ ᠠᠵᠢᠯᠲᠠᠳ ᠲᠠᠢ ᠲᠤᠳᠤᠨᠤᠰᠤᠭ ᠢᠶᠠᠷ ᠶᠠᠷᠢᠯᠴᠠᠵᠤ᠂  ᠵᠢᠵᠢᠬᠦᠷ ᠤᠨ ᠲᠤᠬᠢᠷᠠᠭᠤᠯᠤᠯᠳᠠ᠂ ᠠᠷᠤ ᠲᠠᠯ᠎ᠠ ᠶᠢᠨ ᠪᠠᠲᠤᠯᠠᠭ᠎ᠠ ᠵᠢᠴᠢ ᠳᠡᠩᠰᠡᠯᠡᠨ ᠪᠠᠶᠢᠴᠠᠭᠠᠬᠤ᠂ ᠢᠳᠬᠠᠨ ᠪᠤᠴᠠᠭᠠᠬᠤ ᠠᠵᠢᠯ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ᠂  ᠠᠵᠢᠯᠳᠠᠳ ᠲᠤ ᠠᠮᠢᠳᠤᠷᠠᠯ ᠤᠨ ᠭᠡᠷᠡᠭᠯᠡᠭᠡᠨ ᠤ ᠡᠳ᠋ ᠪᠣᠳᠠᠰ ᠢ ᠭᠠᠷᠳᠠᠭᠤᠯᠵᠤ᠂  ᠬᠠᠯᠠᠮᠵᠢᠯᠠᠨ ᠲᠣᠬᠤᠨᠢᠭᠤᠯᠵᠤ ᠪᠠᠶᠢᠭ᠎ᠠ ᠰᠡᠳᠬᠢᠯ ᠢᠶᠠᠨ ᠢᠯᠡᠷᠭᠡᠶᠢᠯᠡᠪᠡ᠃  ᠬᠢᠵᠢᠭ ᠰᠡᠷᠭᠡᠶᠢᠯᠡᠬᠦ  ᠡᠮᠦᠨ᠎ᠡ ᠹᠷᠣᠨᠲ ᠤᠨ ᠠᠵᠢᠯᠲᠠᠳ  ︽ᠠᠵᠢᠯ ᠤᠨ ᠪᠠᠶᠢᠷᠢ ᠪᠠᠨ ᠦᠷᠭᠦᠯᠵᠢᠯᠡᠨ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠨ᠎ᠠ︾ ᠭᠡᠵᠦ ᠢᠯᠡᠳᠭᠡᠵᠡᠭᠡᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号