12 ᠰᠠᠷ᠎ᠠ ᠶᠢᠨ 28 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ | ᠬᠤᠷᠠᠯ ᠢ ᠡᠷᠬᠢᠯᠡᠨ ᠬᠤᠷᠠᠯᠳᠤᠭᠤᠯᠵᠠᠢ᠃ ᠪᠠᠶᠢᠩᠭᠤ ᠶᠢᠨ ᠬᠤᠷᠢᠶᠠᠨ ᠤ 31 ᠪᠦᠷᠢᠯᠳᠦᠭᠦᠨ ᠠᠴᠠ 25 ᠬᠥᠮᠥᠨ | ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ | ᠬᠤᠷᠠᠯ ᠠᠴᠠ ᠵᠥᠪᠯᠡᠬᠦ ᠵᠦᠢᠯ ᠤᠨ ᠲᠥᠰᠥᠯ ᠢ ᠪᠠᠲᠤᠯᠠᠵᠤ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢᠶᠠᠷ ᠵᠢᠱᠢᠭᠳᠡᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ | ᠵᠦᠪᠯᠡᠭᠰᠡᠨ ᠤ ᠬᠠᠮᠳᠤ᠂ ︽ᠲᠠᠶᠢᠹᠤᠰᠧ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠦᠪᠵᠢᠭᠦᠯᠭᠡ ︵2021 ︱ 2035 ᠣᠨ︶︾᠂ ᠲᠠᠶᠢᠹᠤᠰᠧ ᠬᠤᠰᠢᠭᠤᠨ ᠤ 2022 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ | ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠥᠯ ᠤᠨ ᠲᠤᠬᠠᠢ ᠮᠡᠳᠡᠭᠦᠯᠦᠯᠲᠡ᠂ ᠲᠠᠶᠢᠹᠤᠰᠧ ᠬᠤᠰᠢᠭᠤᠨ ᠤ 2022 ᠣᠨ ᠤ ᠡᠳ᠋ ᠤᠨ ᠵᠠᠰᠠᠭ ᠤᠨ | ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ | ᠲᠤᠬᠠᠢ ᠮᠡᠳᠡᠭᠦᠯᠦᠯᠲᠡ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠬᠢᠨᠠᠯᠲᠠ ᠲᠠᠯᠪᠢᠬᠤ | ᠲᠤᠰᠬᠠᠢ ᠠᠵᠢᠯ ᠤᠨ ᠮᠡᠳᠡᠭᠦᠯᠦᠯᠲᠡ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠨᠥᠬᠦᠵᠦ ᠰᠣᠩᠭᠤᠭᠰᠠᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠤᠨᠤᠰᠴᠤ ᠬᠢᠨᠠᠨ ᠵᠦᠪᠯᠡᠪᠡ᠃ ᠬᠤᠷᠠᠯ ᠠᠴᠠ ᠪᠠᠰᠠ ᠲᠠᠶᠢᠹᠤᠰᠧ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠥᠯ︶ ᠂ ᠬᠤᠷᠠᠯᠳᠤᠭᠠᠨ ᠤ ᠵᠥᠪᠯᠡᠬᠦ ᠵᠦᠢᠯ ︵ | ᠲᠥᠰᠥᠯ︶᠂ ᠴᠠᠭ ᠤᠨ ᠪᠠᠶᠢᠷᠢᠯᠠᠭᠤᠯᠤᠯᠳᠠ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠪᠠ ᠨᠠᠷᠢᠨ | ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠶᠢᠨ ᠨᠡᠷᠡᠰ ︵ᠲᠥᠰᠥᠯ︶᠂ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ | ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶ ᠢ ᠬᠢᠨᠠᠨ ᠵᠦᠪᠯᠡᠵᠦ᠂ ᠲᠠᠶᠢᠹᠤᠰᠧ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠤ ᠲᠥᠯᠥᠪᠯᠡᠭᠡ᠂ ᠡᠳ᠋ ᠤᠨ ᠵᠠᠰᠠᠭ ᠤᠨ ᠲᠥᠰᠥᠪ ᠂ ᠲᠥᠰᠥᠪ ᠤᠨ ᠭᠦᠢᠴᠡᠳᠬᠡᠯ ᠢ | ᠬᠢᠨᠠᠨ ᠪᠠᠶᠢᠴᠠᠭᠠᠬᠤ ᠵᠥᠪᠯᠡᠯ ᠪᠠ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠬᠦᠳ ᠤᠨ ᠨᠡᠷᠡᠰ ︵ | ᠲᠥᠰᠥᠯ︶᠂ ᠰᠤᠯᠠ ᠣᠷᠣᠯᠴᠠᠭᠰᠠᠳ ᠤᠨ ᠨᠡᠷᠡᠰ ︵ᠲᠥᠰᠥᠯ︶᠂ ᠲᠥᠯᠥᠭᠡᠯᠡᠭᠴᠢᠳ ᠤᠨ ᠪᠦᠯᠬᠦᠮ ᠤᠨ | ᠳᠤᠭᠤᠶᠢᠯᠠᠩ ᠤᠨ ᠨᠡᠷᠡᠰ ︵ᠲᠥᠰᠥᠯ︶ ᠢ ᠬᠢᠨᠠᠨ ᠵᠦᠪᠯᠡᠵᠦ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠠᠲᠤᠯᠠᠬᠤ | ᠠᠷᠭ᠎ᠠ ᠮᠠᠶ᠋ᠢᠭ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠲᠤᠷᠠᠳᠬᠤ ᠴᠠᠭ ᠬᠤᠭᠤᠴᠠᠭ᠎ᠠ᠂ ᠨᠡᠷ᠎ᠡ ᠬᠤᠯᠪᠤᠭᠠᠯᠠᠨ | ᠵᠢᠱᠢᠭᠳᠡᠭᠴᠢ ᠶᠢᠨ ᠨᠡᠷ᠎ᠡ ᠶᠢ ᠲᠤᠷᠠᠳᠬᠤ ᠴᠠᠭ ᠬᠤᠭᠤᠴᠠᠭᠠᠨ ᠤ ᠲᠤᠬᠠᠢ ᠲᠣᠭᠲᠠᠭᠠᠯ ᠪᠠ ᠬᠠᠤᠯᠢ ᠳᠦᠷᠢᠮ ᠤᠨ | ᠲᠤᠰᠬᠠᠢ ᠵᠦᠪᠯᠡᠯ ᠢ ᠪᠠᠶᠢᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠵᠦᠪᠯᠡᠭᠰᠡᠨ ᠪᠠᠶᠢᠨ᠎ᠠ᠃ ᠬᠤᠷᠠᠯ | ᠲᠡᠭᠡᠷ᠎ᠡ ᠪᠠᠰᠠ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠯᠢᠳᠡᠭ | ᠬᠠᠮᠲᠤ ᠪᠣᠯᠣᠨ ᠤᠳᠤᠨ ᠲᠡᠰ ᠤᠨ ︽ᠠᠷᠠᠳ ᠤᠨ ᠲᠥᠯᠥᠭᠡᠯᠡᠭᠴᠢᠳ ᠤᠨ ᠭᠡᠷ︾ ᠢ ᠬᠥᠬᠢᠭᠦᠯᠦᠨ ᠰᠠᠶᠢᠰᠢᠶᠠᠵᠠᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠠᠵᠢᠯ ᠤᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃ |