ᠬᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2023/1/1
   12 ᠰᠠᠷ᠎ᠠ ᠶᠢᠨ 29 ᠤ ᠡᠳᠦᠷ᠂  ᠬᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠡᠯ᠎ᠡ ᠲᠦᠷᠦᠯ ᠤᠨ ᠵᠥᠪᠯᠡᠬᠦ ᠵᠦᠢᠯ ᠢᠶᠠᠨ ᠳᠠᠭᠤᠰᠬᠠᠭᠠᠳ ᠠᠮᠵᠢᠯᠳᠠ ᠲᠠᠢ ᠲᠡᠭᠦᠰᠪᠡ᠃ ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 47 ᠬᠥᠮᠥᠨ᠂ ᠪᠣᠳᠠᠲᠠᠢ ᠣᠷᠣᠯᠴᠠᠭᠰᠠᠨ ᠨᠢ 38 ᠬᠥᠮᠥᠨ ᠪᠠᠶᠢᠵᠤ᠂ 7 ᠬᠥᠮᠥᠨ ᠬᠤᠷᠠᠯ ᠳᠤ ᠰᠤᠯᠠ ᠤᠷᠤᠯᠴᠠᠵᠠᠢ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ ᠬᠤᠷᠠᠯ ᠳᠤ ᠣᠷᠣᠯᠴᠠᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠤᠶᠤᠨᠪᠢᠯᠢᠭ᠌ ᠬᠤᠷᠠᠯ ᠢ ᠡᠷᠭᠢᠯᠡᠪᠡ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ  ᠂ ᠰᠤᠮᠤᠨ ᠳᠠᠷᠤᠭ᠎ᠠ ᠭᠦᠸᠧ ᠰᠢᠶᠣᠣ ᠮᠧᠩ ᠠᠴᠠ  ᠰᠤᠮᠤᠨ ᠤ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠢᠯᠡᠳᠭᠡᠯ ᠬᠢᠵᠡᠢ᠃ ᠢᠯᠡᠳᠭᠡᠯ ᠳᠤ᠂ 2022 ᠣᠨ ᠠᠴᠠ ᠨᠠᠰᠢ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠣᠷᠴᠢᠨ ᠲᠣᠭᠤᠷᠢᠨ ᠬᠢᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠦᠨᠳᠦ ᠨᠦᠰᠡᠷ ᠡᠭᠦᠷᠭᠡ ᠶᠢᠨ ᠡᠮᠦᠨ᠎ᠡ᠂ ᠪᠦᠬᠦ ᠰᠤᠮᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠠᠷ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠵᠤ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠳᠣᠣᠷ᠎ᠠ᠂ ᠬᠦᠴᠢᠷ ᠢ ᠰᠥᠷᠦᠨ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠡᠶᠡᠯᠡᠬᠦᠯᠦᠯ᠎ᠡ ᠬᠡᠵᠦ ᠨᠢᠬᠡ ᠵᠢᠯ ᠤᠨ ᠠᠵᠢᠯ ᠢᠶᠠᠨ ᠳ᠋ᠦᠩᠨᠡᠭᠰᠡᠨ ᠤ ᠬᠠᠮᠳᠤ᠂ 2023 ᠣᠨ ᠤ ᠠᠵᠢᠯ ᠡᠬᠦᠷᠭᠡ ᠶᠢ  ᠪᠠᠶᠢᠷᠢᠯᠠᠭᠤᠯᠤᠭᠰᠠᠨ ᠪᠠᠶᠢᠨ᠎ᠠ  ᠃ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠩ ᠮᠧᠶ ᠠᠴᠠ ᠬᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠢ ᠲᠥᠯᠥᠭᠡᠯᠡᠨ ᠶᠡᠭᠡ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠬᠢᠵᠦ᠂  ᠳᠡᠳ᠋ ᠰᠤᠮᠤᠨ ᠳᠠᠷᠤᠭ᠎ᠠ  ᠦᠷᠴᠠᠶᠢᠬᠤ ᠠᠴᠠ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠤ ᠬᠠᠮᠲᠤ 2023 ᠣᠨ ᠤ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠭᠠᠲᠤᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂  ᠬᠦᠨᠪᠤᠯᠠᠭ ᠰᠤᠮᠤᠨ ᠤ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠰᠠᠨᠠᠭᠠᠴᠢᠯᠠᠭ᠎ᠠ   ᠠᠴᠠ ᠪᠠᠨ ᠠᠵᠢᠯ ᠶᠠᠪᠤᠳᠠᠯ ᠬᠢᠬᠦ ᠶᠢ ᠳᠡᠭᠡᠳᠦ ᠬᠡᠮᠵᠢᠶ᠎ᠡ ᠪᠠᠷ ᠵᠥᠪᠰᠢᠶᠡᠷᠡᠵᠦ ᠪᠠᠶᠢᠬᠤ ᠪᠠᠨ ᠢᠯᠡᠳᠭᠡᠭᠰᠡᠨ ᠬᠠᠮᠲᠤ᠂ ᠲᠥᠯᠥᠭᠡᠯᠡᠭᠴᠢᠳ ᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠦᠢᠯᠡᠳᠦᠯ ᠢᠶᠠᠨ ᠪᠠᠳᠠᠷᠠᠭᠤᠯᠤᠨ᠂ ᠰᠠᠶᠢᠨ ᠥᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠲᠡᠭᠦᠰᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠠᠷᠠᠳ ᠤᠨ ᠲᠥᠯᠥᠭᠡᠯᠡᠭᠴᠢᠳ ᠪᠦᠬᠦ ᠰᠤᠮᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠂  ᠤᠯᠤᠰ ᠲᠥᠷᠥ ᠶᠢᠨ ᠬᠠᠯᠠᠭᠤᠨ ᠰᠡᠳᠬᠢᠯᠭᠡ ᠪᠠ  ᠪᠠᠳᠤ ᠴᠢᠩᠭ᠎ᠠ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠷ ᠬᠠᠤᠯᠢ ᠪᠠᠷ ᠲᠣᠭᠲᠠᠭᠠᠭᠰᠠᠨ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳᠴᠢᠯᠠᠯ ᠤᠨ ᠡᠷᠬᠡ ᠪᠠᠨ ᠵᠥᠪ ᠢᠶᠠᠷ ᠭᠡᠷᠡᠭᠵᠢᠬᠦᠯᠦᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠦᠪᠳᠡᠯᠴᠡᠨ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ ᠵᠡᠷᠭᠡ ᠶᠢᠨ ᠲᠤᠭᠤᠷᠢᠨ ᠳᠤ  ᠮᠠᠰᠢᠨ ᠤᠯᠠᠨ ᠵᠦᠪ ᠣᠨᠣᠪᠴᠢᠲᠠᠢ ᠰᠠᠨᠠᠯ ᠰᠠᠨᠠᠭᠤᠯᠭ᠎ᠠ ᠶᠢ ᠳᠤᠷᠠᠳᠴᠤ᠂ ᠠᠷᠠᠳ ᠤᠨ  ᠲᠥᠯᠥᠭᠡᠯᠡᠭᠴᠢ ᠶᠢᠨ ᠦᠵᠡᠯ ᠰᠠᠨᠠᠭ᠎ᠠ ᠪᠠᠨ ᠴᠢᠯᠦᠭᠡᠯᠡᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠶᠡᠭᠡ ᠲᠠᠯ᠎ᠠ ᠶᠢ ᠪᠤᠳᠤᠯᠬᠢᠯᠠᠬᠤ᠂ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠬᠡᠵᠦ ᠵᠢᠭᠠᠨ ᠭᠠᠷᠭᠠᠪᠠ᠃ ᠡᠭᠦᠨ ᠤ ᠬᠠᠮᠲᠤ᠂ ᠪᠦᠬᠦ ᠰᠤᠮᠤᠨ ᠤ ᠠᠷᠠᠳ ᠲᠦᠮᠡᠨ ᠰᠢ ᠶᠢᠨ ᠫᠢᠩ   ᠢᠶᠠᠷ ᠭᠤᠤᠯᠯᠠᠭᠴᠢ ᠪᠤᠯᠭᠠᠭᠰᠠᠨ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠤᠮᠤᠨ ᠤ ᠨᠠᠮ ᠤᠨ ᠬᠤᠷᠢᠶᠠᠨ ᠤ ᠪᠠᠲᠤ ᠤᠳᠤᠷᠢᠳᠤᠯᠭ᠎ᠠ  ᠂ ᠰᠤᠮᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠩᠭ᠎ᠠ ᠬᠢᠨᠠᠯᠲᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠤᠭ ᠰᠠᠨᠠᠭ᠎ᠠ ᠪᠠᠨ ᠥᠯᠥ  ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠯᠠᠪᠳᠠᠭᠤᠨ ᠪᠠᠲᠤᠲᠠᠢ ᠠᠵᠢᠯᠯᠠᠨ᠂ ᠨᠠᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠠᠩ ᠪᠣᠳᠠᠲᠠᠢ ᠶᠢ ᠡᠷᠬᠢᠮᠯᠡᠬᠦ ᠤᠪᠤᠷ ᠰᠤᠷᠲᠠᠯ ᠢᠶᠠᠷ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠵᠣᠷᠢᠭᠲᠠᠢ ᠪᠠᠷ ᠰᠢᠨ᠎ᠡ ᠶᠢ ᠡᠬᠦᠳᠦᠨ᠂ ᠬᠦᠨᠪᠤᠯᠠᠭ ᠰᠤᠮᠤᠨ ᠤ ᠪᠠᠨ ᠠᠵᠤ ᠠᠬᠤᠢ ᠶᠢᠨ ᠴᠢᠨᠠᠷᠯᠢᠭ ᠲᠦᠷᠭᠡᠨ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号