ᠬᠤᠩ ᠴᠢ  ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠯ᠎ᠠ
ᠨᠡᠶᠢᠲᠡᠯᠡᠭᠰᠡᠨ ᠴᠠᠭ᠄
2023/1/1
  12 ᠰᠠᠷ᠎ᠠ ᠶᠢᠨ 28 ᠤ ᠡᠳᠦᠷ᠂  ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ  ᠪᠤᠯᠵᠤ ᠦᠩᠭᠡᠷᠡᠪᠡ᠃ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 53 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠤᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠬᠤᠷᠠᠯ ᠤᠨ ᠡᠯ᠎ᠡ ᠲᠦᠷᠦᠯ ᠤᠨ ᠵᠥᠪᠯᠡᠬᠦ ᠵᠦᠢᠯ ᠢ ᠲᠡᠭᠦᠰ ᠠᠮᠵᠢᠯᠲᠠ  ᠲᠠᠢ  ᠪᠡᠶᠡᠯᠡᠬᠦᠯᠦᠭᠡᠳ᠂ ᠪᠠᠯᠭᠠᠰᠤᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠮᠡᠳᠡᠭᠦᠯᠦᠯᠲᠡ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠮᠡᠳᠡᠭᠦᠯᠦᠯᠲᠡ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ᠂  2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠳᠤᠯᠠᠭᠰᠠᠨ ᠪᠦᠭᠡᠳ ᠶᠠᠨ ᠵᠢᠶᠠ ᠰᠢᠤᠸᠠᠨ ᠨᠥᠬᠦᠷ ᠢ  ᠳᠡᠳ᠋ ᠪᠠᠯᠭᠠᠰᠤᠨ ᠳᠠᠷᠤᠭ᠎ᠠ ᠪᠠᠷ ᠰᠤᠩᠭᠤᠨ ᠭᠠᠷᠭᠠᠭᠰᠠᠨ ᠪᠠᠶᠢᠨ᠎ᠠ᠃ ᠲᠡᠭᠦᠰᠬᠦ ᠶᠣᠰᠣᠯᠠᠯ ᠳᠡᠭᠡᠷ᠎ᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠯᠢ ᠱᠣᠣ ᠯᠢᠨ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠤ ᠬᠠᠮᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠂  ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ  ᠭᠤᠣᠯ ᠴᠣᠭᠴᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠭᠤᠤᠯ ᠴᠣᠭᠴᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠦᠨ᠂ ᠠᠷᠠᠳ ᠲᠦᠮᠡᠨ ᠤ ᠬᠦᠰᠡᠯ ᠵᠣᠷᠢᠭ ᠢ ᠲᠤᠰᠬᠠᠵᠤ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢᠨ ᠭᠤᠣᠯ ᠵᠠᠩᠭᠢᠯᠠᠭ᠎ᠠ ᠶᠢ  ᠲᠤᠪᠤᠶᠢᠯᠭᠠᠬᠤ ᠭᠡᠷᠡᠭᠳᠡᠢ᠃ ︽ᠠᠷᠠᠳ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ ᠵᠢᠳᠬᠦᠬᠦ︾ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ  ᠶᠢ  ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ ᠠᠷᠠᠳ ᠤᠨ ᠰᠠᠨᠠᠯ ᠢ ᠰᠤᠨᠤᠰᠤᠨ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠬᠤ ᠬᠡᠷᠡᠭᠲᠡᠢ᠃ ᠨᠠᠮ ᠪᠠ ᠤᠯᠠᠨ ᠲᠦᠮᠡᠨ ᠤ ᠬᠠᠷᠢᠴᠠᠭ᠎ᠠ᠂ ᠵᠠᠰᠠᠭ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ   ᠶᠢ ᠨᠢᠬᠳᠠᠷᠠᠭᠤᠯᠵᠤ᠂ ᠦᠨᠡᠨ ᠰᠡᠳᠬᠢᠯ ᠠᠴᠠ ᠪᠠᠨ ᠠᠵᠢᠯᠯᠠᠬᠤ᠂ ᠰᠢᠨᠵᠢᠯᠡᠬᠦ ᠤᠬᠠᠭᠠᠨᠴᠢ ᠪᠠᠷ ᠠᠵᠢᠯᠯᠠᠬᠤ ᠬᠤᠰᠢᠭᠤᠴᠢ ᠪᠣᠯᠵᠤ᠂  ᠪᠠᠯᠭᠠᠰᠤᠨ ᠤ ᠭᠤᠣᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠦᠷᠦᠯ ᠵᠦᠢᠯ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠰᠠᠭᠤᠳᠠᠯ ᠳᠤ ᠦᠨᠡᠨ ᠬᠦ ᠬᠡᠷᠡᠭᠵᠢᠭᠦᠯᠦᠭᠦᠰᠢᠲᠡᠢ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠪᠠᠯᠭᠠᠰᠤᠨ ᠤ ᠤᠳᠤᠷᠢᠳᠬᠤ ᠺᠠᠳ᠋ᠷ᠂  ᠡᠯ᠎ᠡ ᠲᠣᠰᠬᠤᠨ ᠤ ᠨᠠᠮ ᠤᠨ  ᠡᠬᠦᠷ ᠤᠨ ᠱᠦᠵᠢ᠂  ᠠᠵᠢᠯ ᠦᠢᠯᠡᠰ ᠤᠨ ᠨᠢᠭᠡᠴᠡ  ᠪᠠ ᠬᠠᠮᠢᠶ᠎ᠠ ᠪᠦᠬᠦᠢ ᠦᠷᠳᠡᠭᠡ ᠰᠠᠯᠪᠤᠷᠢ ᠶᠢᠨ ᠬᠠᠷᠢᠭᠤᠴᠠᠯᠭᠠᠲᠠᠨ ᠬᠤᠷᠠᠯ ᠳᠤ  ᠰᠤᠯᠠ ᠣᠷᠣᠯᠴᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号