ᠶᠦᠩ ᠹᠧᠩ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2023/1/1
   12 ᠰᠠᠷ᠎ᠠ ᠶᠢᠨ 29 ᠤ ᠡᠳᠦᠷ᠂  ᠶᠦᠩ ᠹᠧᠩ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠵᠤ᠂  ᠡᠯ᠎ᠡ ᠹᠠᠷᠤᠨᠲ ᠠᠴᠠ ᠢᠷᠡᠭᠰᠡᠨ 45 ᠲᠥᠯᠥᠭᠡᠯᠡᠭᠴᠢ ᠬᠤᠷᠠᠯ ᠳᠤ ᠤᠷᠤᠯᠴᠠᠵᠠᠢ᠃  ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠦ᠋ ᠭᠤᠸᠠᠩ ᠹᠧᠩ   ᠠᠴᠠ  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠯᠣᠭᠰᠠᠨ ᠠᠮᠵᠢᠯᠲᠠ ᠪᠦᠳᠦᠮᠵᠢ ᠶᠢ ᠪᠥᠬᠦ ᠲᠠᠯ᠎ᠠ ᠪᠠᠷ ᠨᠤᠲᠠᠯᠠᠭᠰᠠᠨ ᠤ ᠬᠠᠮᠲᠤ  ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠤ  ᠲᠤᠤᠱᠯᠠᠭᠤᠯᠤᠨ᠂ ᠠᠯᠢᠪᠠ ᠠᠵᠢᠯ ᠢ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠬᠤ᠂ ᠶᠡᠭᠡ ᠲᠠᠯ᠎ᠠ ᠠᠴᠠ ᠠᠵᠢᠯᠯᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠳᠤᠯᠠᠬᠤ ᠭᠡᠷᠡᠭᠳᠡᠢ  ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠤ ᠠᠬᠤᠢ ᠨᠡᠶᠢᠭᠡᠮ ᠤᠨ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠦᠪᠯᠡᠷᠡᠬᠦᠯᠦᠨ᠂  ᠪᠣᠳᠠᠲᠠᠢ ᠳᠤ ᠨᠡᠶᠢᠴᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂  ᠬᠥᠭᠵᠢᠯᠲᠡ ᠶᠢᠨ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ  ᠬᠦᠢᠴᠡᠳ ᠪᠠᠳᠠᠷᠠᠭᠤᠯᠬᠤ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠨᠠᠭᠠᠴᠢᠯᠠᠭ᠎ᠠ ᠠᠴᠠ ᠪᠠᠨ ᠠᠷᠠᠳ ᠤᠨ ᠰᠠᠨᠠᠯ ᠢ  ᠰᠤᠨᠤᠰᠤᠨ᠂ ᠠᠷᠠᠳ ᠤᠨ ᠵᠣᠪᠠᠨᠢᠯ ᠢ ᠲᠠᠶᠢᠯᠵᠤ᠂ ᠠᠷᠠᠳ ᠤᠨ ᠰᠡᠳᠬᠢᠯ ᠢ  ᠠᠮᠤᠷᠵᠢᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤᠮᠳᠠ ᠠᠷᠠᠳ ᠤᠨ ᠲᠥᠯᠥᠭᠡ ᠵᠢᠳᠬᠦᠬᠦ  ᠬᠠᠶᠢᠷ᠎ᠠ ᠰᠡᠳᠬᠢᠯᠭᠡ ᠶᠢ ᠢᠯᠡᠷᠡᠭᠦᠯᠬᠦ ᠬᠡᠷᠡᠭᠲᠡᠢ᠃ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠦ᠂ ᠲᠥᠯᠥᠭᠡᠯᠡᠭᠴᠢᠳ ᠤᠨ ᠡᠩᠨᠡᠭᠡᠨ ᠤ ᠬᠥᠮᠦᠵᠢᠯ ᠬᠠᠮᠢᠶᠠᠷᠤᠯᠲᠠ ᠪᠣᠯᠣᠨ ᠲᠡᠷᠢᠭᠦᠯᠡᠭᠴᠢᠳ ᠤᠨ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠨ᠂  ᠠᠷᠠᠳ ᠲᠦᠮᠡᠨ ᠤ ᠬᠦᠰᠡᠯ ᠡᠷᠡᠮᠡᠯᠵᠡᠯ ᠢ ᠤᠶᠢᠯᠠᠭᠠᠵᠤ᠂  ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠵᠦ  ᠵᠢᠭᠠᠵᠤ ᠭᠠᠷᠭᠠᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ ᠡᠯ᠎ᠡ  ᠲᠦᠷᠦᠯ ᠤᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃  ᠲᠤᠬᠠᠶᠢᠯᠠᠪᠠᠯ᠂ ᠨᠢᠭᠡ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠤᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠭᠤᠶᠢᠪᠢᠰᠢ ᠦᠭᠡᠢ ᠲᠤᠤᠱᠯᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠠᠷᠠᠯᠲᠠ ᠡᠭᠦᠷᠭᠡ ᠶᠢ ᠠᠩᠬᠠᠷᠴᠤ᠂ ᠰᠢᠨ᠎ᠡ ᠬᠥᠭᠵᠢᠯᠲᠡ ᠶᠢᠨ ᠱᠠᠲᠤ ᠶᠢ ᠣᠨᠣᠪᠴᠢᠲᠠᠢ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠡᠨᠡ  ᠤᠳᠠᠭᠠᠨ ᠤ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠡᠯ᠎ᠡ  ᠲᠦᠷᠦᠯ ᠤᠨ ᠠᠵᠢᠯ ᠤᠨ ᠪᠣᠳᠠᠲᠠᠢ ᠠᠷᠭ᠎ᠠ ᠬᠡᠮᠵᠢᠶ᠎ᠡ ᠪᠠ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠳᠠᠯᠠᠨ  ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ  ᠦᠩᠭᠡ ᠭᠡᠷᠡᠯᠳᠦ ᠡᠭᠦᠷᠭᠡ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号