ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2023/1/1
 12 ᠰᠠᠷ᠎ᠠ ᠶᠢᠨ 28  ᠤ ᠡᠳᠦᠷ᠂ ᠯᠥᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠦᠪᠡᠳᠡᠭᠰᠢ ᠶᠡᠬᠡᠪᠡᠷ ᠡᠬᠢᠯᠡᠵᠦ᠂  19 ᠲᠣᠰᠬᠤᠨ ᠤ 60 ᠨᠡᠷᠡᠰ ᠲᠥᠯᠥᠭᠡᠯᠡᠭᠴᠢ᠂ 12 ᠨᠡᠷᠡᠰ ᠰᠤᠯᠠ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠭᠡ ᠲᠠᠩᠬᠢᠮ ᠳᠤ ᠴᠤᠭᠯᠠᠷᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠬᠳᠠᠷᠠᠭᠤᠯᠤᠭᠰᠠᠨ ᠪᠠᠶᠢᠨ᠎ᠠ᠃  ᠪᠦᠬᠦ ᠲᠦᠯᠦᠭᠡᠯᠡᠭᠴᠢᠳ ᠤᠨ ᠠᠩᠬᠠᠳᠤᠭᠠᠷ ᠤᠳᠠᠭᠠᠨ ᠤ ᠬᠤᠷᠠᠯ ᠲᠡᠭᠡᠷ᠎ᠡ᠂ ᠰᠢᠨ ᠷᠦᠨ ᠵᠢᠶᠠᠩ ᠨᠥᠬᠦᠷ ᠠᠴᠠ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠵᠦ᠂ ᠼᠤᠤ ᠰᠢᠶᠣᠣ ᠬᠤᠢ ᠨᠥᠬᠦᠷ ᠠᠴᠠ ︽ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ᠢ ᠬᠢᠵᠡᠢ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ  ᠲᠦᠯᠦᠭᠡᠯᠡᠭᠴᠢᠳ ᠤᠨ ︽ᠬᠤᠶᠠᠷ ᠢᠯᠡᠳᠬᠡᠯ︾ ᠢ ᠬᠢᠨᠠᠨ ᠵᠦᠪᠯᠡᠭᠰᠡᠨ ᠪᠠᠶᠢᠳᠠᠯ᠂ ᠰᠣᠩᠭᠤᠭᠤᠯᠢ ᠶᠢᠨ ᠠᠷᠭ᠎ᠠ ︵ᠲᠥᠰᠥᠯ︶  ᠶᠢ ᠬᠢᠨᠠᠨ  ᠵᠦᠤᠪᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠢᠴᠢ ᠳᠡᠳ᠋  ᠪᠠᠯᠭᠠᠰᠤᠨ ᠳᠠᠷᠤᠭ᠎ᠠ ᠶᠢᠨ ᠵᠢᠱᠢᠭᠳᠡᠭᠴᠢ ᠶᠢᠨ ᠨᠡᠷ᠎ᠡ ᠳᠤᠷᠠᠳᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠬᠠᠮᠲᠤ ᠵᠢᠩᠬᠢᠨᠢ  ᠵᠢᠱᠢᠭᠳᠡᠭᠴᠢ ᠶᠢᠨ ᠨᠡᠷᠡᠰ ᠢ ᠲᠣᠭᠲᠠᠭᠠᠵᠤ᠂ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠵᠡᠷᠭᠡ ᠠᠭᠤᠯᠭ᠎ᠠ ᠶᠢ ᠬᠢᠨᠠᠨ ᠵᠦᠪᠯᠡᠵᠦ  ᠪᠠᠳᠤᠯᠠᠭᠰᠠᠨ ᠪᠠᠶᠢᠨ᠎ᠠ᠃  ᠪᠦᠬᠦ ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ᠂  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠥᠯ︶ ᠶᠢ ᠪᠠᠲᠤᠯᠠᠵᠤ᠂ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠨᠡᠷᠡᠰ ︵ᠲᠥᠰᠥᠯ︶ ᠢ  ᠪᠠᠳᠤᠯᠠᠭᠰᠠᠨ  ᠪᠥᠭᠡᠳ ᠳᠡᠳ᠋  ᠪᠠᠯᠭᠠᠰᠤᠨ ᠳᠠᠷᠤᠭ᠎ᠠ ᠶᠢ  ᠰᠤᠩᠭᠤᠵᠤ  ᠂  ᠪᠦᠬᠦ ᠲᠦᠯᠦᠭᠡᠯᠡᠭᠴᠢᠳ ᠤᠨ  ᠭᠤᠷᠪᠠᠳᠤᠭᠠᠷ ᠤᠳᠠᠭᠠᠨ ᠤ  ᠬᠤᠷᠠᠯ ᠲᠡᠭᠡᠷ᠎ᠡ ᠰᠣᠩᠭᠤᠭᠤᠯᠢ   ᠶᠢᠨ ᠳ᠋ᠦᠩ   ᠢ  ᠨᠡᠶᠢᠳᠡᠯᠡᠨ ᠂ ᠰᠢᠨ᠎ᠡ ᠪᠠᠷ ᠰᠣᠩᠭᠤᠭᠳᠠᠭᠰᠠᠨ ᠳᠡᠳ᠋ ᠪᠠᠯᠭᠠᠰᠤᠨ ᠳᠠᠷᠤᠭ᠎ᠠ ᠦ᠋ ᡁᠢ ᠸᠧᠢ ᠠᠴᠠ ︽ᠦᠨᠳᠦᠰᠦᠨ ᠬᠠᠤᠯᠢ︾ ᠳᠤ ᠲᠠᠩᠭᠠᠷᠢᠭ ᠡᠷᠬᠦᠵᠡᠢ  ᠃ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ  ᠲᠡᠬᠦᠰᠭᠡᠬᠦ ᠶᠠᠷᠢᠶᠠᠨ ᠳᠠᠭᠠᠨ  ᠂  ᠡᠨᠡ  ᠤᠳᠠᠭᠠᠨ ᠤ ᠶᠡᠭᠡ ᠬᠤᠷᠠᠯ ᠨᠢ ᠪᠦᠬᠦ ᠪᠠᠯᠭᠠᠰᠤᠣ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢ ᠴᠢᠷᠮᠠᠶᠢᠨ ᠪᠡᠶᠡᠯᠡᠬᠦᠯᠬᠦ ᠵᠠᠩᠭᠢᠯᠠᠭ᠎ᠠ ᠶᠢᠨ ᠵᠢᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ  ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠡᠭᠡ ᠬᠤᠷᠠᠯ ᠶᠤᠮ᠃  ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠪᠥᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠡᠷᠭᠡᠪᠰᠢ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠢ ᠪᠣᠶᠢᠵᠢᠭᠤᠯᠬᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠨᠡᠶᠢᠭᠡᠮ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠡᠯ᠎ᠡ ᠲᠠᠯ᠎ᠠ ᠪᠠᠷ ᠰᠢᠨ᠎ᠡ ᠰᠢᠪᠲᠤᠯᠤᠯᠲᠠ  ᠭᠠᠷᠭᠠᠨ᠂ ᠰᠢᠨ᠎ᠡ ᠳᠠᠪᠠᠯᠲᠠ ᠶᠢ ᠪᠡᠶᠡᠯᠡᠬᠦᠯᠬᠦ ᠬᠡᠷᠡᠭᠲᠡᠢ᠃ ᠡᠭᠦᠨ ᠤ ᠬᠠᠮᠲᠤ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠢᠩᠭ᠎ᠠ  ᠲᠡᠮᠡᠴᠡᠯ ᠤᠨ ᠵᠣᠷᠢᠭ᠂ ᠨᠡᠩ ᠯᠠᠪᠳᠠᠭᠤᠨ ᠪᠠᠳᠤ ᠰᠤᠷᠲᠠᠯ ᠢᠶᠠᠷ ᠰᠢᠨ᠎ᠡ ᠶᠢ ᠡᠭᠦᠳᠦᠨ ᠡᠷᠡᠯᠬᠡᠭᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ  ᠠᠵᠢᠯᠯᠠᠨ᠂ ᠶᠡᠭᠡ ᠬᠤᠷᠠᠯ ᠠᠴᠠ ᠲᠣᠭᠲᠠᠭᠠᠭᠰᠠᠨ ᠡᠯ᠎ᠡ  ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠣᠯᠪᠠᠰᠤᠨ ᠴᠢᠨᠡᠭᠡᠯᠢᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ  ᠯᠦᠸᠧ ᠲᠦᠸᠧ ᠱᠠᠨ ᠪᠠᠯᠭᠠᠰᠤ ᠶᠢ  ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ   ᠪᠠᠨ ᠦᠵᠡᠭᠦᠯᠬᠦ ᠬᠡᠷᠡᠭᠲᠡᠢ ᠭᠡᠵᠦ  ᠵᠢᠭᠠᠨ ᠭᠠᠷᠭᠠᠭᠰᠠᠨ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号