ᠪᠤᠤᠴᠠᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2023/1/1
   12 ᠰᠠᠷ᠎ᠠ ᠶᠢᠨ 29 ᠤ ᠡᠳᠦᠷ᠂  ᠪᠤᠤᠴᠠᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠨᠢᠮᠪᠠᠢ ᠵᠢᠯᠣᠭᠤᠳᠤᠯᠭ᠎ᠠ  ᠂ ᠪᠠᠯᠭᠠᠰᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠵᠢᠴᠢ ᠪᠦᠭᠦ ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠲᠦᠷᠦᠯ ᠵᠥᠪᠯᠡᠬᠦ ᠵᠦᠢᠯ ᠢᠶᠠᠨ  ᠪᠡᠶᠡᠯᠡᠬᠦᠯᠦᠭᠡᠳ ᠠᠮᠵᠢᠯᠲᠠ ᠲᠠᠢ ᠠᠮᠵᠢᠯᠲᠠ ᠲᠠᠢ ᠲᠡᠭᠦᠰᠪᠡ᠃ ᠶᠡᠭᠡ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠡᠷᠭᠢᠯᠡᠵᠡᠶ᠃ ᠲᠡᠷᠡ ᠢᠯᠡᠷᠭᠡᠶᠢᠯᠡᠬᠦ ᠳᠡᠭᠡᠨ᠂ ᠥᠩᠭᠡᠷᠡᠭᠰᠡᠨ ᠢᠶᠠᠨ ᠳ᠋ᠦᠩᠨᠡᠵᠦ ᠢᠷᠡᠭᠡᠳᠦᠢ ᠪᠠᠨ ᠲᠥᠯᠥᠪᠯᠡᠬᠦ ᠪᠣᠯ ᠡᠨᠡ ᠤᠳᠠᠭᠠᠨ ᠤ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠰᠠᠭᠤᠷᠢ ᠪᠠ ᠤᠷᠢᠲᠠᠯ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ᠂  ᠳᠡᠳ᠋  ᠪᠠᠯᠭᠠᠰᠤᠨ ᠳᠠᠷᠤᠭ᠎ᠠ ᠶᠢ  ᠰᠤᠩᠭᠤᠨ ᠲᠦᠷᠦᠭᠳᠡᠬᠦᠯᠬᠦ ᠪᠣᠯ ᠡᠨᠡ ᠤᠳᠠᠭᠠᠨ ᠤ ᠶᠡᠭᠡ ᠬᠤᠷᠠᠯ ᠤᠨ ᠭᠤᠣᠯ ᠡᠭᠦᠷᠭᠡ ᠪᠣᠯᠣᠨ᠎ᠠ᠃ ᠡᠨᠡ ᠬᠡᠳᠦᠨ ᠶᠡᠭᠡ ᠶᠠᠪᠤᠳᠠᠯ ᠢ ᠰᠠᠶᠢᠨ ᠬᠢᠭᠰᠡᠨ ᠨᠢ ᠮᠠᠨ ᠤ ᠡᠨᠡ  ᠤᠳᠠᠭᠠᠨ ᠤ  ᠶᠡᠭᠡ ᠬᠤᠷᠠᠯ ᠤᠨ ᠠᠮᠵᠢᠯᠲᠠ ᠣᠯᠣᠭᠰᠠᠨ ᠤ ᠴᠢᠬᠤᠯᠠ ᠰᠢᠨᠵᠢ ᠲᠡᠮᠳᠡᠭ ᠪᠤᠯᠤᠨ᠎ᠠ᠃ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠪᠣᠯᠣᠨ ᠨᠥᠬᠦᠳ ᠥᠷᠭᠡᠨ ᠤᠯᠠᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠥᠪᠡᠷ ᠤᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠰᠠᠶᠢᠨ ᠭᠦᠢᠴᠡᠳᠬᠡᠵᠦ᠂  ᠠᠷᠠᠳᠴᠢᠯᠠᠯ ᠤᠨ ᠡᠷᠬᠡ ᠪᠠᠨ ᠵᠥᠪ ᠢᠶᠠᠷ ᠭᠡᠷᠡᠭᠵᠢᠬᠦᠯᠦᠨ᠂  ᠶᠡᠭᠡ ᠬᠤᠷᠠᠯ ᠤᠨ ᠵᠥᠪᠯᠡᠬᠦ ᠵᠦᠢᠯ ᠤᠳ ᠢ ᠤᠷᠤᠭᠰᠢᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃  ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠳᠤ᠂ 2022 ᠣᠨ ᠳᠤ ᠪᠠᠯᠭᠠᠰᠤᠨ ᠤ ᠵᠠᠰᠠᠭ ᠤᠨ ᠣᠷᠳᠣᠨ ᠨᠢ ᠪᠦᠬᠦ ᠪᠠᠯᠭᠠᠰᠤᠨ ᠤ ᠥᠷᠭᠡᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ  ᠂ ᠵᠣᠷᠢᠭᠲᠠᠢ ᠪᠠᠷ ᠬᠦᠴᠢᠷ ᠢ ᠲᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ᠳᠥᠷᠪᠡᠳᠦᠭᠡᠷ ᠬᠤᠭᠤᠴᠠᠭᠠᠨ ᠤ  ᠠᠩᠬᠠᠳᠤᠭᠠᠷ ᠬᠤᠷᠠᠯ  ᠲᠡᠭᠡᠷ᠎ᠡ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠪᠡ ᠭᠡᠵᠦ ᠳ᠋ᠦᠩᠨᠡᠭᠰᠡᠨ ᠪᠦᠭᠡᠳ 2023 ᠣᠨ ᠤ ᠵᠠᠰᠠᠭ ᠤᠨ ᠣᠷᠳᠣᠨ   ᠤ ᠠᠵᠢᠯ ᠤᠨ ᠭᠤᠤᠯ ᠬᠠᠷᠠᠯᠳᠠ ᠪᠤᠯ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠵᠦ᠂ ᠨᠡᠶᠢᠭᠡᠮ ᠲᠣᠭᠤᠷᠢᠭ ᠪᠠ ᠬᠥᠳᠡᠭᠡ ᠲᠣᠰᠬᠤᠨ ᠤ ᠪᠠᠶᠢᠭᠤᠯᠤᠯᠲᠠ  ᠶᠢ ᠰᠢᠨ᠎ᠡ ᠳᠡᠭᠲᠡᠷ ᠲᠤ ᠭᠠᠷᠭᠠᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠶᠢ ᠤᠯᠵᠤ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ   ᠢ ᠮᠡᠳᠡᠭᠳᠡᠮ᠎ᠡ ᠰᠠᠶᠢᠵᠢᠷᠠᠭᠤᠯᠤᠨ᠂  ᠦᠨᠳᠦᠰᠦᠨ ᠱᠠᠲᠤᠨ ᠤ ᠵᠠᠰᠠᠯᠲᠠ ᠶᠢᠨ ᠳᠦᠷᠢᠮ ᠢ ᠤᠯᠠᠮ ᠲᠡᠭᠦᠯᠳᠡᠷᠵᠢᠭᠦᠯᠵᠦ᠂ ᠨᠡᠶᠢᠭᠡᠮ  ᠤᠨ ᠨᠡᠩ ᠡᠶ᠎ᠡ ᠵᠤᠬᠢᠴᠠᠯ ᠪᠠ ᠠᠮᠤᠷ ᠲᠣᠭᠲᠠᠭᠤᠨ ᠢ ᠪᠠᠳᠤᠯᠠᠨ᠂ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠨᠠᠭᠠᠲᠤ ᠵᠠᠬ᠎ᠠ ᠶᠢᠨ  ᠠᠮᠢᠳᠤᠷᠠᠯ ᠤᠨ ᠪᠠᠲᠤᠯᠠᠭ᠎ᠠ ᠵᠡᠷᠭᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠳᠤᠯᠠᠭᠠᠨ ᠤ ᠰᠢᠰᠲ᠋ᠧᠮ ᠢ ᠨᠡᠩ ᠲᠡᠬᠦᠯᠳᠡᠷᠵᠢᠬᠦᠯᠬᠦ ᠶᠠᠪᠤᠳᠠᠯ ᠪᠤᠯᠤᠨ᠎ᠠ ᠬᠡᠵᠦ ᠵᠢᠭᠠᠨ ᠭᠠᠷᠭᠠᠵᠠᠢ᠃ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠱᠧᠩ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠬᠢᠬᠦ  ᠳᠡᠭᠡᠨ᠂ ᠥᠩᠭᠡᠷᠡᠭᠰᠡᠨ ᠨᠢᠭᠡ ᠵᠢᠯ ᠳᠤ ᠪᠦᠬᠦ ᠲᠥᠯᠥᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢᠶᠠᠨ ᠦᠨᠡᠨᠬᠦ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠳᠤ ᠲᠦᠰᠢᠭᠯᠡᠨ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠢᠶᠠᠨ ᠰᠠᠶᠢᠲᠤᠷ ᠬᠢᠬᠦ  ᠳᠤ ᠬᠦᠴᠦᠳᠡᠢ ᠲᠡᠮᠵᠢᠯᠬᠡ ᠦᠵᠡᠬᠦᠯᠦᠨ᠂ 2022 ᠣᠨ ᠤ ᠠᠵᠤ ᠠᠬᠤᠢ ᠶᠢᠨ ᠬᠥᠭᠵᠢᠯᠲᠡ ᠪᠠ ᠠᠵᠢᠯ ᠤᠨ ᠬᠠᠷᠠᠯᠲᠠ ᠶᠢ ᠪᠡᠶᠡᠯᠡᠭᠦᠯᠬᠦ ᠳᠤ ᠮᠠᠰᠢ ᠰᠠᠶᠢᠨ ᠬᠢᠨᠠᠯᠲᠠ ᠲᠠᠯᠪᠢᠬᠤ ᠦᠢᠯᠡᠳᠦᠯ ᠦᠵᠡᠭᠦᠯᠪᠡ᠃ 2023 ᠣᠨ ᠳᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ  ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠪᠠᠯᠭᠠᠰᠤᠨ ᠤ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠬᠳᠠᠷᠠᠭᠤᠯᠤᠨ᠂ ᠢᠲᠡᠭᠡᠯ ᠵᠣᠷᠢᠭ ᠢᠶᠠᠨ ᠪᠠᠳᠤᠳᠬᠠᠵᠤ᠂ ᠯᠠᠪᠳᠠᠭᠤᠨ ᠪᠠᠲᠤᠲᠠᠢ ᠠᠵᠢᠯᠯᠠᠨ᠂ ᠶᠡᠭᠡ ᠬᠤᠷᠠᠯ  ᠲᠡᠭᠡᠷ᠎ᠡ ᠳᠤᠷᠠᠳᠤᠭᠰᠠᠨ ᠡᠯ᠎ᠡ ᠵᠦᠢᠯ ᠤᠨ ᠡᠬᠦᠷᠭᠡ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ ᠬᠡᠵᠦ ᠢᠯᠡᠷᠭᠡᠶᠢᠯᠡᠵᠡᠢ  ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠠᠳᠴᠢᠯᠠᠯ ᠤᠨ ᠡᠷᠬᠡ ᠪᠠᠨ ᠢᠳᠡᠪᠬᠢᠲᠡᠢ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠣᠩᠭᠤᠭᠤᠯᠢ ᠶᠢᠨ ᠪᠢᠯᠧᠲ ᠶᠢ ᠲᠠᠭᠯᠠᠨ᠂  ᠳᠡᠳ᠋ ᠪᠠᠯᠭᠠᠰᠤᠨ ᠳᠠᠷᠤᠭ᠎ᠠ ᠶᠢ ᠰᠤᠩᠭᠤᠨ ᠲᠦᠷᠦᠭᠳᠡᠬᠦᠯᠪᠡ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠯᠢ ᠱᠣᠣ ᠯᠢᠨ ᠶᠡᠭᠡ ᠬᠤᠷᠠᠯ ᠤᠨ ᠠᠮᠵᠢᠯᠲᠠ ᠲᠠᠢ ᠲᠡᠭᠦᠰᠦᠭᠰᠡᠨ ᠳᠤ ᠬᠠᠯᠠᠭᠤᠨ ᠪᠠᠶᠠᠷ ᠬᠦᠷᠭᠡᠭᠰᠡᠨ ᠤ ᠬᠠᠮᠳᠤ᠂  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠬᠦ ᠶᠠᠪᠤᠴᠠ ᠳᠤ  ᠲᠤᠤᠱᠯᠠᠭᠤᠯᠤᠨ᠂ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠳᠤᠳᠬᠠᠨ᠂ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃   ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠲᠣᠭᠲᠠᠴᠠ ᠪᠠ ᠠᠵᠢᠯᠯᠠᠭᠠᠨ ᠤ ᠵᠠᠭᠪᠤᠷ ᠢ ᠤᠯᠠᠮ ᠲᠦᠷᠢᠮᠵᠢᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠭᠡ ᠲᠠᠯ᠎ᠠ ᠳᠤ ᠠᠭᠤᠰᠤᠯᠴᠠᠭᠤᠯᠤᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠤᠶᠢᠯᠠᠭᠠᠵᠤ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠶᠠᠷᠢᠶᠠᠨ ᠳᠠᠭᠠᠨ᠂  ᠰᠢᠨ᠎ᠡ ᠪᠠᠷ ᠰᠣᠩᠭᠤᠭᠳᠠᠭᠰᠠᠨ ᠤᠳᠤᠷᠢᠳᠤᠯᠭ᠎ᠠ ᠨᠢ ᠨᠠᠮ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠵᠤ᠂ ᠪᠦᠬᠦ ᠪᠠᠯᠭᠠᠰᠤᠨ ᠤ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠬᠤᠪᠢ ᠲᠠᠬᠢᠨ ᠨᠠᠨᠳᠢᠩᠨᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠰᠠᠶᠢᠨ ᠪᠠᠶᠢᠳᠠᠯ ᠢ ᠬᠤᠪᠢ ᠲᠠᠬᠢᠨ ᠨᠠᠨᠳᠢᠩᠨᠠᠵᠤ᠂ ᠰᠢᠨ᠎ᠡ ᠭᠠᠷᠤᠭᠠᠨ ᠤ ᠴᠡᠭ ᠳᠡᠭᠡᠷ᠎ᠡ ᠰᠢᠨ᠎ᠡ ᠴᠤᠭ ᠵᠢᠪᠬᠤᠭ᠎ᠠ ᠪᠠᠨ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠬᠦᠰᠡᠵᠦ ᠪᠠᠶᠢᠨ᠎ᠠ  ᠃  ᠮᠦᠨᠴᠦ ᠪᠦᠬᠦ ᠪᠠᠯᠭᠠᠰᠤᠨ ᠤ ᠺᠠᠳ᠋ᠷ ᠤᠯᠠᠨ ᠲᠦᠮᠡᠨ ᠪᠠᠯᠭᠠᠰᠤᠨ ᠤ ᠨᠠᠮ ᠤᠨ ᠬᠤᠷᠢᠶ᠎ᠠ ᠪᠠ ᠪᠠᠯᠭᠠᠰᠤᠨ ᠤ ᠤᠳᠤᠷᠢᠳᠬᠤ ᠪᠠᠭ ᠤᠨ ᠳᠠᠭᠠᠭᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩ ᠦᠨᠡᠨᠴᠢ ᠪᠠᠷ ᠪᠦᠯᠬᠦᠮᠳᠡᠨ᠂ ᠵᠠᠮ ᠨᠡᠭᠡᠭᠡᠨ ᠤᠷᠤᠭᠰᠢᠯᠠᠵᠤ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ ᠡᠨᠡ  ᠤᠳᠠᠭᠠᠨ  ᠤ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠭᠡᠷᠡᠭᠳᠡᠢ ᠬᠡᠵᠦ ᠱᠠᠭᠠᠷᠳᠠᠪᠠ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号