ᠰᠢᠩ ᠹᠦ᠋ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2023/1/1
  12 ᠰᠠᠷ᠎ᠠ ᠶᠢᠨ 29 ᠤ ᠡᠳᠦᠷ᠂ ᠰᠢᠩ ᠹᠦ᠋ ᠰᠢᠶᠠᠩ ᠤᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠭᠰᠠᠨ ᠪᠠᠶᠢᠨ᠎ᠠ᠃  ᠬᠤᠷᠠᠯ ᠢ  ᠰᠢᠶᠠᠩ ᠤᠨ ᠨᠠᠮ ᠤᠨ ᠬᠤᠷᠢᠶᠠᠨ ᠤ ᠱᠦᠵᠢ ᠰᠥᠩ ᠹᠧᠩ ᠡᠷᠭᠢᠯᠡᠵᠦ  ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠸᠧᠨ ᠴᠠᠩ ᠤᠷᠢᠯᠭ᠎ᠠ ᠪᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠂᠂  ᠡᠨᠡ  ᠤᠳᠠᠭᠠᠨ ᠤ ᠬᠤᠷᠠᠯ ᠳᠤ ᠤᠷᠤᠯᠴᠠᠬᠤ ᠶᠤᠰᠤᠳᠠᠢ ᠲᠥᠯᠥᠭᠡᠯᠡᠭᠴᠢ 54 ᠬᠥᠮᠥᠨ  ᠂ ᠪᠣᠳᠠᠲᠠᠢ  ᠤᠷᠤᠯᠴᠠᠭᠰᠠᠨ ᠨᠢ 47 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ  ᠨᠡᠶᠢᠴᠡᠵᠡᠢ᠃  ᠵᠠᠩ ᠸᠧᠨ ᠴᠠᠩ ᠵᠢᠭᠠᠵᠤ ᠭᠠᠷᠭᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠤᠨ᠂ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠬᠠᠤᠯᠢ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠥᠬᠦ ᠶᠠᠪᠤᠴᠠ ᠳᠤ ᠲᠤᠤᠱᠯᠠᠭᠤᠯᠵᠤ᠂ ᠠᠵᠢᠯ ᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠬᠥᠭᠵᠢᠯᠲᠡ ᠳᠤ ᠦᠢᠯᠡᠴᠢᠯᠡᠬᠦ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ  ᠪᠠᠳᠠᠷᠠᠭᠤᠯᠤᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ  ᠳᠤ ᠨᠡᠶᠢᠴᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠬᠦ ᠬᠡᠷᠡᠭᠲᠡᠢ᠃ ᠰᠠᠭᠤᠷᠢ ᠶᠢ ᠪᠠᠲᠤᠳᠬᠠᠨ  ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤᠮᠳᠠ ᠰᠢᠨ᠎ᠡ ᠳᠦᠷᠢ ᠲᠥᠷᠬᠦ ᠶᠢ ᠱᠤᠭᠤᠵᠤ᠂ ᠲᠥᠯᠥᠭᠡᠯᠡᠭᠴᠢᠳ ᠤᠨ ᠡᠩᠨᠡᠭᠡᠨ ᠤ ᠬᠥᠮᠦᠵᠢᠯ ᠬᠠᠮᠢᠶᠠᠷᠤᠯᠲᠠ ᠪᠣᠯᠣᠨ ᠲᠡᠷᠢᠭᠦᠯᠡᠭᠴᠢᠳ ᠤᠨ ᠪᠦᠯᠬᠦᠮ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠣᠭᠲᠠᠴᠠ ᠪᠣᠯᠣᠨ ᠠᠵᠢᠯᠯᠠᠭᠠᠨ ᠤ ᠵᠠᠭᠪᠤᠷ ᠢ ᠴᠢᠨᠠᠭᠰᠢᠳᠠ ᠲᠦᠷᠢᠮᠵᠢᠬᠦᠯᠬᠦ ᠭᠡᠷᠡᠭᠳᠡᠢ ᠬᠡᠵᠡᠢ᠃  ᠰᠦᠩ  ᠹᠧᠩ ᠬᠤᠷᠠᠯ ᠤᠨ ᠶᠠᠷᠢᠶᠠᠨ ᠳᠠᠭᠠᠨ᠂ ᠤᠯᠤᠰ ᠲᠦᠷᠦ ᠶᠢᠨ ᠴᠢᠭᠯᠡᠯ ᠢ ᠡᠵᠡᠮᠳᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠤᠳᠤᠷᠢᠳᠤᠯᠭ᠎ᠠ ᠶᠢ ᠡᠯ᠎ᠡ ᠲᠦᠷᠦᠯ ᠤᠨ ᠠᠵᠢᠯ ᠤᠨ ᠶᠠᠪᠤᠴᠠ ᠳᠤ ᠢᠮᠠᠭᠲᠠ ᠲᠤᠤᠱᠯᠠᠭᠤᠯᠤᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠩ ᠤᠨ ᠡᠯ᠎ᠡ ᠲᠦᠷᠦᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢ ᠠᠳᠬᠤᠬᠤ᠂ ᠠᠵᠤ ᠦᠢᠯᠡᠰ ᠤᠨ ᠬᠥᠭᠵᠢᠯᠲᠡ ᠶᠢ ᠠᠳᠬᠤᠬᠤ ᠶ᠋᠊ ᠪᠠᠷᠢᠮᠳᠠᠯᠠᠨ᠂ ᠠᠵᠤ ᠦᠢᠯᠡᠰ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ  ᠦᠷᠨᠢᠬᠦᠯᠦᠨ᠂  ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠭᠤᠶᠤ ᠰᠠᠶᠢᠬᠠᠨ᠂  ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠳᠠᠯᠠᠨ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤᠳᠬᠠᠵᠤ᠂ ᠵᠣᠷᠢᠯᠲᠠ ᠶᠢᠨ ᠤᠬᠠᠮᠰᠠᠷ ᠢ ᠪᠠᠲᠤ ᠪᠤᠢ ᠪᠤᠯᠭᠠᠨ  ᠂  ᠠᠷᠠᠳ ᠤᠨ ᠲᠥᠯᠥᠭᠡ ᠦᠭᠡ ᠬᠡᠯᠡᠬᠦ᠂ ᠠᠷᠠᠳ ᠤᠨ ᠲᠥᠯᠥᠭᠡ  ᠬᠠᠷᠢᠭᠤᠴᠠᠯᠭ᠎ᠠ ᠪᠠᠨ ᠭᠦᠢᠴᠡᠳᠬᠡᠬᠦ  ᠂ ᠠᠷᠠᠳ ᠲᠦᠮᠡᠨ ᠳᠤ ᠰᠢᠳᠤᠷᠭᠤ ᠪᠠᠷ ᠦᠢᠯᠡᠴᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠬᠦᠯᠳᠡᠷᠵᠢᠬᠦᠯᠦᠨ᠂ ᠤᠯᠠᠨ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号