12 ᠰᠠᠷ᠎ᠠ ᠶᠢᠨ 27 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠵᠤ᠂ | ᠡᠯ᠎ᠡ ᠹᠠᠷᠤᠨᠲ ᠠᠴᠠ ᠢᠷᠡᠭᠰᠡᠨ 56 ᠲᠥᠯᠥᠭᠡᠯᠡᠭᠴᠢ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠵᠠᠩ ᠹᠧᠩ ᠦ᠋ ᠬᠤᠷᠠᠯ ᠢ ᠡᠷᠬᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠠᠳ ᠡᠷᠭᠢᠯᠡᠭᠴᠢ ᠦ᠋ ᠭᠤᠸᠠᠩ ᠹᠧᠩ ᠬᠤᠷᠠᠯ ᠳᠤ ᠤᠷᠤᠯᠴᠠᠵᠤ ᠵᠢᠭᠠᠨ | ᠵᠢᠯᠤᠭᠤᠳᠤᠭᠰᠠᠨ ᠪᠦᠭᠡᠳ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠦᠷᠳᠡᠭᠡ ᠰᠠᠯᠪᠤᠷᠢ ᠶᠢᠨ | ᠬᠠᠷᠢᠭᠤᠴᠠᠯᠭᠠᠲᠠᠨ᠂ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠰᠤᠯᠠ ᠣᠷᠣᠯᠴᠠᠪᠠ᠃ ᠬᠤᠷᠠᠯ | ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠼᠠᠢ ᠬᠦᠢ ᠯᠢᠨ ᠵᠠᠰᠠᠭ ᠤᠨ | ᠣᠷᠳᠣᠨ ᠢ ᠲᠥᠯᠥᠭᠡᠯᠡᠨ ᠠᠵᠢᠯ ᠤᠨ ᠢᠯᠡᠳᠭᠡᠯ ᠬᠢᠭᠰᠡᠨ ᠪᠠᠶᠢᠨ᠎ᠠ᠃ ᠢᠯᠡᠳᠭᠡᠯ ᠳᠤ᠂ ᠥᠩᠭᠡᠷᠡᠭᠰᠡᠨ ᠨᠢᠭᠡ | ᠵᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠥᠷᠢᠰᠦᠯᠳᠦᠭᠡᠨ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠠᠯᠭᠠᠰᠤᠨ ᠤ ᠵᠠᠰᠠᠭ ᠤᠨ | ᠣᠷᠳᠣᠨ ᠨᠢ ᠬᠤᠰᠢᠭᠤ ᠨᠠᠮ ᠵᠠᠰᠠᠭ ᠤᠨ ᠵᠥᠪ ᠣᠨᠣᠪᠴᠢᠲᠠᠶ ᠤᠳᠤᠷᠢᠳᠤᠯᠭ᠎ᠠ ᠪᠠ ᠪᠠᠯᠭᠠᠰᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠪᠠᠯᠭᠠᠰᠤᠨ ᠤ ᠥᠷᠭᠡᠨ ᠣᠯᠠᠨ ᠺᠠᠳ᠋ᠷ ᠣᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠵᠠᠮ ᠨᠡᠭᠡᠭᠡᠨ | ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ ᠬᠡᠵᠦ | ᠳ᠋ᠦᠩᠨᠡᠭᠰᠡᠨ ᠪᠦᠭᠡᠳ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠷᠭᠦᠯᠵᠢᠯᠡᠨ ᠥᠨᠳᠥᠷ | ᠮᠠᠨᠳᠤᠭᠤᠯᠵᠤ᠂ ᠲᠡᠮᠡᠴᠡᠬᠦ ᠬᠠᠷᠠᠯᠲᠠ ᠪᠠᠨ ᠴᠢᠭᠯᠡᠨ᠂ ᠣᠷᠣᠨ ᠪᠠᠶᠢᠷᠢ ᠪᠠᠨ ᠣᠨᠣᠪᠴᠢᠲᠠᠢ ᠲᠣᠭᠲᠠᠭᠠᠵᠤ᠂ ᠴᠠᠭ | ᠦᠶ᠎ᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠴᠢᠶᠠᠨ ᠶᠢᠨ ᠭᠧᠦ ᠪᠠᠯᠭᠠᠰᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠨ᠎ᠠ ᠬᠡᠵᠦ | ᠢᠯᠡᠷᠭᠡᠶᠢᠯᠡᠪᠡ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠱᠢ ᠵᠢᠶᠠᠨ ᠪᠥᠸᠧ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠢ ᠲᠥᠯᠥᠭᠡᠯᠡᠨ ᠶᠡᠭᠡ ᠬᠤᠷᠠᠯ ᠳᠤ ᠮᠡᠳᠡᠬᠦᠯᠦᠯᠳᠡ ᠬᠢᠵᠡᠢ᠃ ᠮᠡᠳᠡᠭᠦᠯᠦᠯᠲᠡ ᠳᠤ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠴᠠᠭ ᠢᠮᠠᠭᠲᠠ ᠠᠷᠠᠳ ᠤᠨ | ᠲᠥᠯᠥᠭᠡᠯᠡᠭᠴᠢᠳ ᠲᠠᠢ ᠪᠦᠯᠬᠦᠮᠳᠡᠬᠦ ᠪᠠ ᠲᠡᠳᠡᠨ ᠳᠤ ᠲᠦᠰᠢᠭᠯᠡᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ | ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠨ᠂ ᠢᠳᠡᠪᠬᠢᠳᠡᠢ ᠪᠠᠷ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠬᠦᠯᠪᠡ ᠭᠡᠵᠦ ᠵᠢᠭᠠᠵᠤ ᠭᠠᠷᠭᠠᠭᠰᠠᠨ ᠤ ᠬᠠᠮᠳᠤ᠂ ᠬᠤᠶᠢᠰᠢᠳᠠ ᠶᠢᠨ ᠠᠵᠢᠯ ᠤᠨ ᠳᠤᠮᠳᠠ | ᠪᠠᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠴᠠᠭ ᠦᠶ᠎ᠡ ᠶᠢᠨ ᠠᠯᠬᠤᠭ᠎ᠠ ᠶᠢ ᠳᠠᠭᠠᠵᠤ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠨ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ | ᠴᠢᠩᠭᠠᠳᠬᠠᠨ᠂ ᠬᠢᠨᠠᠯᠲᠠ ᠲᠠᠯᠪᠢᠬᠤ ᠠᠵᠢᠯ ᠤᠨ ᠲᠦᠪᠰᠢᠨ ᠪᠣᠯᠣᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠂ ᠨᠡᠩ ᠰᠠᠶᠢᠨ ᠠᠵᠢᠯ ᠤᠨ ᠪᠦᠲᠦᠮᠵᠢ ᠪᠠᠷ ᠨᠠᠮ ᠠᠷᠠᠳ ᠲᠦᠮᠡᠨ ᠤ ᠲᠤᠰᠢᠶᠠᠭᠰᠠᠨ ᠡᠭᠦᠷᠭᠡ ᠶᠢ ᠰᠠᠶᠢᠲᠤᠷ | ᠪᠡᠶᠡᠯᠡᠬᠦᠯᠦᠨ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ ᠴᠢᠷᠮᠠᠶᠢᠨ ᠲᠡᠮᠡᠴᠡᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠦ᠋ ᠭᠤᠸᠠᠩ ᠹᠧᠩ ᠶᠠᠷᠢᠶᠠᠨ ᠳᠠᠭᠠᠨ᠂ | ᠠᠷᠠᠳ ᠤᠯᠠᠨ ᠲᠠᠢ ᠢᠮᠠᠭᠲᠠ ᠨᠢᠭᠲᠠ ᠬᠠᠷᠢᠯᠴᠠᠭ᠎ᠠ ᠲᠠᠢ ᠪᠠᠶᠢᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠣᠨᠴᠠᠯᠢᠭ ᠪᠠ ᠳᠠᠪᠠᠭᠤᠯᠢᠭ ᠪᠣᠯᠣᠨ᠎ᠠ᠂ ᠤᠯᠠᠨ ᠢᠶᠠᠷ ᠢᠶᠠᠨ ᠡᠷᠭᠡᠪᠰᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ︽ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠲᠠᠢ ᠬᠤᠯᠪᠣᠵᠤ᠂ ᠠᠰᠢᠭ ᠲᠤᠰᠠ ᠶᠢ | ᠠᠷᠠᠳ ᠲᠦᠮᠡᠨ ᠳᠤ ᠬᠦᠷᠳᠡᠭᠡᠬᠦ︾ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ | ᠴᠢᠷᠮᠠᠶᠢᠨ ᠪᠠᠶᠢᠭᠤᠯᠬᠤ ᠬᠡᠷᠡᠭᠲᠡᠢ᠃ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠡᠷᠡᠰ ᠲᠤᠤᠱᠯᠠᠭᠤᠯᠤᠨ᠂ ᠨᠠᠮ ᠤᠨ ᠤᠳᠤᠷᠢᠳᠤᠯᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ | ᠶᠠᠪᠤᠴᠠ ᠳᠤ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ | ᠲᠠᠯ᠎ᠠ ᠳᠤ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠤᠯᠠᠮᠵᠢᠯᠠᠯ ᠢ | ᠵᠠᠯᠭᠠᠮᠵᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠣᠯᠣᠨ ᠬᠢᠷᠢ | ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠤᠶᠠᠯᠳᠤᠭᠤᠯᠤᠨ ᠶᠡᠭᠡ | ᠲᠠᠯ᠎ᠠ ᠳᠤ ᠦᠢᠯᠡᠴᠢᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠬᠢᠨᠠᠯᠲᠠ ᠲᠠᠯᠪᠢᠬᠤ | ᠡᠷᠬᠡ ᠪᠠᠨ ᠰᠠᠶᠢᠲᠤᠷ ᠬᠡᠷᠡᠭᠯᠡᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠨᠡᠮᠡᠭᠳᠡᠬᠦᠯᠦᠨ᠂ ᠬᠢᠨᠠᠯᠲᠠ ᠲᠠᠯᠪᠢᠬᠤ | ᠠᠷᠭ᠎ᠠ ᠮᠠᠶ᠋ᠢᠭ ᠪᠠ ᠠᠵᠢᠯ ᠤᠨ ᠲᠣᠭᠲᠠᠴᠠ ᠶᠢ ᠲᠡᠬᠦᠯᠳᠡᠷᠵᠢᠬᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠪᠠᠷ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠲᠡᠢ | ᠬᠡᠵᠦ ᠴᠢᠬᠤᠯᠠᠴᠢᠯᠠᠪᠠ᠃ ᠵᠠᠩ ᠹᠧᠩ ᠦ᠋ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭᠠᠨ ᠤ ᠶᠡᠭᠡ | ᠬᠤᠷᠠᠯ ᠢ ᠬᠤᠷᠠᠯᠳᠤᠭᠤᠯᠤᠭᠰᠠᠨ ᠨᠢ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠦᠷᠬᠦᠯᠵᠢᠯᠡᠭᠰᠡᠨ ᠡᠷᠡᠭᠦᠯ | ᠵᠣᠬᠢᠴᠠᠩᠭᠤᠢ ᠬᠥᠭᠵᠢᠯᠲᠡ ᠶᠢ ᠲᠦᠷᠭᠡᠳᠬᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ | ᠢᠶᠠᠷ ᠪᠠᠲᠤᠯᠠᠭᠰᠠᠨ ᠡᠯ᠎ᠡ ᠲᠦᠷᠦᠯ ᠤᠨ ᠮᠡᠳᠡᠭᠦᠯᠦᠯᠲᠡ᠂ ᠰᠢᠢᠳᠪᠦᠷᠢ ᠨᠢ ᠪᠦᠬᠦ ᠲᠥᠯᠥᠭᠡᠯᠡᠭᠴᠢᠳ ᠤᠨ ᠬᠠᠮᠲᠤ ᠶᠢᠨ | ᠤᠶᠤᠨ ᠤᠬᠠᠭᠠᠨ ᠤ ᠤᠬᠢ ᠲᠠᠯᠠᠰ ᠪᠠᠶᠢᠵᠤ᠂ ᠪᠦᠬᠦ ᠪᠠᠯᠭᠠᠰᠤᠨ ᠤ ᠠᠷᠠᠳ ᠲᠦᠮᠡᠨ ᠤ ᠬᠠᠮᠲᠤ ᠶᠢᠨ ᠬᠦᠰᠡᠯ | ᠡᠷᠡᠮᠡᠯᠵᠡᠯ ᠪᠠ ᠦᠨᠳᠦᠰᠦᠨ ᠠᠰᠢᠭ ᠲᠤᠰᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠤᠯᠠᠨ ᠢᠶᠠᠷ ᠢᠶᠠᠨ | ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠢᠮᠠᠭᠲᠠ ᠪᠠᠲᠤ | ᠴᠡᠭᠡᠵᠢᠯᠡᠨ ᠂ ᠪᠦᠬᠦ ᠪᠠᠯᠭᠠᠰᠤᠨ ᠤ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠤ ᠂ ᠴᠢᠶᠠᠨ ᠶᠢᠨ ᠭᠡᠦ | ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ | ᠦᠷᠭᠦᠯᠵᠢᠯᠡᠨ ᠴᠢᠷᠮᠠᠶᠢᠨ ᠲᠡᠮᠡᠴᠡᠬᠦ ᠭᠡᠷᠡᠭᠳᠡᠢ ᠬᠡᠵᠦ ᠱᠠᠭᠠᠷᠳᠠᠪᠠ᠃ |