1 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠠᠷᠪᠠᠨ ᠲᠠᠪᠤᠳᠤᠭᠠᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 53 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ | ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠳᠤᠯᠤᠨ ᠶᠠᠷᠢᠯᠴᠠᠬᠤ ᠬᠤᠷᠠᠯ | ᠢ ᠡᠷᠭᠢᠯᠡᠨ ᠬᠤᠷᠠᠯᠳᠤᠭᠤᠯᠵᠠᠢ᠃ ᠬᠤᠷᠠᠯ ᠲᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ︾᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠣᠨ ︽ᠨᠠᠮ ᠤᠨ ᠬᠤᠷᠢᠳᠤᠭᠠᠷ ᠶᠡᠭᠡ ᠬᠤᠷᠠᠯ ᠤᠨ | ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠶᠢᠰᠦᠨ ᠭᠤᠣᠯᠳᠠᠯᠭ᠎ᠠ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ | ᠤᠯᠠᠮᠵᠢᠯᠠᠵᠤ᠂ ︽ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠬᠡᠷᠡᠭᠵᠢᠭᠦᠯᠬᠦ ᠲᠦᠰᠦᠪ︾ ᠢ ᠲᠤᠭᠤᠷᠪᠢᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠭᠤᠣᠯ | ᠰᠡᠳᠦᠪ ᠤᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠭᠰᠠᠨ ᠪᠠᠶᠢᠨ᠎ᠠ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |