ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵23︶ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2023 ᠣᠨ | ᠤ 1 ᠰᠠᠷ᠎ᠠ ᠶᠢᠨ 7 ᠤ ᠡᠳᠦᠷ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | | | ᠴᠧᠨ ᠶᠠᠨ ᠪᠤᠤ | ᠲᠦᠯᠦᠭᠡᠯᠡᠭᠴᠢᠳ ᠡ ᠄ | ᠣᠳᠣ ᠪᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠮᠦᠨᠴᠦ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ | ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2022 ᠤᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠶᠤᠮ᠃ ᠨᠢᠭᠡ | ᠵᠢᠯ ᠤᠨ ᠲᠤᠷᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢᠨ ᠪᠠᠭᠤᠷᠠᠯᠲᠠ ᠵᠡᠷᠭᠡ ᠡᠯ᠎ᠡ | ᠵᠦᠢᠯ ᠤᠨ ᠥᠷᠢᠰᠦᠯᠳᠦᠭᠡᠨ ᠲᠦᠭᠰᠢᠭᠦᠷᠢ ᠬᠢᠭᠡᠳ ᠨᠦᠰᠡᠷ ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠤᠯᠭᠠᠨ ᠤ ᠪᠦᠭᠦᠳᠡ ᠬᠤᠷᠠᠯ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠭᠡᠷ ᠤᠳᠠᠭᠠᠨ ᠤ ᠥᠷᠭᠡᠳᠬᠡᠭᠰᠡᠨ ᠬᠤᠷᠠᠯ ᠵᠢᠴᠢ ᠪᠥᠬᠦ | ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠤᠭᠰᠠᠨ ᠢᠶᠠᠷ᠂ ᠠᠵᠤ | ᠠᠬᠤᠢ ᠶᠢᠨ ᠪᠠᠶᠢᠳᠠᠯ ᠤᠯᠠᠷᠢᠯ ᠳᠠᠷᠠᠭᠠᠯᠠᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢᠶᠠᠨ ᠬᠠᠳᠠᠭᠠᠯᠠᠨ᠂ ᠤᠷᠢᠳᠴᠢᠯᠠᠵᠤ ᠵᠢᠱᠢᠭᠰᠡᠨ ᠡᠭᠦᠷᠭᠡ ᠬᠠᠷᠠᠯᠲᠠ ᠨᠡᠯᠢᠶᠡᠳ ᠰᠠᠶᠢᠨ | ᠪᠡᠶᠡᠯᠡᠭᠳᠡᠵᠡᠢ᠃ ᠵᠢᠱᠢᠯᠲᠡ ᠪᠠᠷ᠂ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 52.4 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.4% ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠥᠪ ᠤᠨ | ᠣᠷᠣᠯᠭ᠎ᠠ 1.1 ᠳ᠋ᠦᠩᠰᠢᠭᠤᠷ ᠲᠥᠭᠦᠷᠢᠭ ︵ᠦᠯᠡᠳᠡᠭᠡᠨ ᠠᠪᠴᠤ ᠭᠠᠶᠢᠯᠢ ᠶᠢ ᠬᠠᠰᠤᠭᠠᠳ︶ ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 17 ᠳ᠋ᠦᠩᠰᠢᠭᠤᠷ ᠲᠥᠭᠦᠷᠢᠭ ᠲᠤ ᠬᠦᠷᠴᠦ ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 9.2 ᠳ᠋ᠦᠩᠰᠢᠭᠤᠷ ᠲᠥᠭᠦᠷᠢᠭ ᠲᠤ ᠬᠦᠷᠴᠦ᠂ 0. | 6% ᠪᠠᠷ ᠨᠡᠮᠡᠭᠳᠡᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 41285 ᠲᠥᠭᠦᠷᠢᠭ ᠪᠠ 16700 | ᠲᠥᠭᠦᠷᠢᠭ ᠲᠤ ᠬᠦᠷᠴᠦ᠂ 3% ᠪᠠ 8% ᠪᠠᠷ ᠨᠡᠮᠡᠭᠳᠡᠪᠡ᠃ ᠡᠨᠡ ᠵᠢᠯ ᠭᠤᠣᠯᠳᠠᠭᠤ ᠳᠣᠣᠷᠠᠬᠢ ᠮᠡᠳᠦ | ᠠᠵᠢᠯ ᠤᠳ ᠢ ᠬᠢᠭᠰᠡᠨ ᠪᠠᠶᠢᠨ᠎ᠠ᠄ | ︵ᠨᠢᠭᠡ︶ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠭᠰᠠᠨ᠃ | ᠲᠥᠷᠥᠯ ᠵᠦᠢᠯ ᠢᠶᠠᠷ ᠳᠠᠶᠢᠴᠢᠯᠠᠬᠤ᠂ ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠳᠣᠪᠤᠶᠢᠯᠭᠠᠵᠤ᠂ ᠪᠥᠬᠦ ᠵᠢᠯ ᠳᠤ | 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠪᠦᠬᠦᠢ ᠭᠤᠣᠯᠳᠠᠯᠭ᠎ᠠ ᠲᠠᠢ ᠲᠥᠷᠥᠯ ᠵᠦᠢᠯ | 83 ᠶᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 69.8 ᠳ᠋ᠦᠩᠰᠢᠭᠤᠷ ᠲᠥᠭᠦᠷᠢᠭ ᠲᠤ ᠬᠥᠷᠪᠡ᠃ 3 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠾᠦᠩ ᠯᠢ ᠠᠯᠮᠠᠰ ᠴᠢᠯᠠᠭᠤᠨ ᠤ ᠰᠢᠬᠠᠭᠤᠷ ᠮᠠᠰᠢᠨ | ᠦᠢᠯᠡᠳᠬᠦ ᠲᠥᠷᠥᠯ ᠵᠦᠢᠯ ᠠᠰᠢᠭᠯᠠᠯᠲᠠ ᠳᠤ ᠣᠷᠣᠵᠤ᠂ 40 ᠰᠠᠶ᠎ᠠ ᠸᠠᠲ ᠤᠨ ᠳᠠᠷᠬᠠᠶ ᠮᠠᠶ᠋ᠢᠭ ᠤᠨ ᠰᠠᠯᠬᠢᠨ ᠤ | ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠲᠣᠣᠷ ᠨᠡᠶᠢᠯᠡᠭᠦᠯᠬᠦ ᠨᠥᠬᠦᠴᠡᠯ ᠢ ᠪᠦᠷᠢᠳᠦᠬᠦᠯᠦᠨ᠂ 2.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠱᠧᠨ ᠨᠧᠩ ᠢᠯᠴᠢ ᠴᠠᠬᠢᠯᠭᠠᠨ ᠤ ᠬᠠᠮ ᠦᠢᠯᠡᠳᠪᠦᠷᠢᠯᠡᠯ | ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠰᠢᠨᠵᠢᠯᠡᠭᠡ ᠮᠡᠷᠭᠡᠵᠢᠯ ᠤᠨ | ᠬᠦᠷᠢᠶᠡᠯᠡᠩ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠭᠤᠣᠯ ᠴᠣᠭᠴᠠ ᠶᠢ ᠦᠨᠳᠦᠰᠦᠨ ᠳᠡᠭᠡᠨ | ᠲᠠᠭᠤᠰᠬᠠᠨ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠺᠠᠩ ᠳ᠋ᠠ ᠥᠨᠳᠥᠷ ᠴᠢᠳᠠᠪᠬᠢᠲᠤ ᠰᠢᠯ | ᠰᠢᠷᠬᠡᠭ ᠤᠨ ᠪᠦᠲᠦᠭᠡᠭᠳᠡᠬᠦᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠦ᠂ ᠰᠧᠨ ᠴᠢᠶᠠ ᠠᠮᠢᠳᠤ | ᠪᠣᠳᠠᠰ ᠤᠨ ᠬᠠᠲᠠᠭᠤ ᠲᠥᠯᠥᠪᠲᠦ ᠲᠦᠯᠡᠰᠢ ᠵᠢᠴᠢ ᠲᠥᠬᠦᠷᠵᠢᠭᠦᠯᠦᠭᠰᠡᠨ ᠪᠣᠷᠳᠤᠭ᠎ᠠ ᠡᠳ᠋ᠰᠢᠭᠦᠯᠬᠦ᠂ ᠺᠧ ᠲᠠᠢ ᠯᠦᠩ | ᠳ᠋ᠠ ᠶᠢᠨ ᠬᠤᠶᠠᠳᠤᠭᠠᠷ ᠬᠤᠭᠤᠴᠠᠭ᠎ᠠ᠂ ᠵᠦᠩ ᠺᠧ ᠰᠠᠨ ᠵᠧᠩ ᠭᠠᠯ ᠤᠨᠲᠠᠷᠠᠭᠠᠬᠤ ᠲᠥᠬᠦᠭᠡᠷᠦᠮᠵᠢ ᠦᠶᠯᠡᠳᠬᠦ | ᠵᠡᠷᠭᠡ ᠲᠥᠷᠥᠯ ᠵᠦᠢᠯ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠵᠡᠢ᠃ ᠲᠠᠩ ᠾᠧ ᠬᠢᠮᠡᠯ ᠠᠯᠮᠠᠰ᠂ ᠲᠠᠯ᠎ᠠ | ᠨᠤᠲᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ᠂ ᠪᠠᠢ ᠬᠤᠶ ᠱᠧᠩ ᠰᠢᠬᠢᠷ ᠤᠨ | ᠦᠢᠯᠡᠳᠪᠦᠷᠢ᠂ ᠱᠧᠩ ᠲᠠᠢ ᠡᠯ ᠡᠮ ᠤᠨ ᠦᠢᠯᠡᠳᠪᠦᠷᠢ᠂ ᠺᠧ ᠲᠠᠢ ᠯᠦᠩ ᠳ᠋ᠡ᠂ ᠴᠠᠭᠠᠰᠤᠨ ᠰᠦᠯᠢᠶᠥᠦ | ᠪᠦᠲᠦᠭᠡᠭᠳᠡᠬᠦᠨ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠢ ᠲᠡᠳᠬᠦᠵᠦ᠂ ᠬᠢᠵᠢᠭ ᠤᠨ ᠨᠥᠯᠥᠭᠡ ᠶᠢ | ᠪᠦᠲᠦᠮᠵᠢᠲᠡᠶ ᠠᠷᠭᠠᠴᠠᠨ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠪᠡ᠃ ᠡᠩ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠳᠠ ᠦᠨᠳᠦᠰᠦᠨ ᠳᠡᠭᠡᠨ ᠲᠠᠭᠤᠰᠴᠤ | ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠰᠢᠭᠯᠠᠯᠲᠠ ᠳᠤ ᠤᠷᠤᠭᠰᠠᠨ ᠪᠦᠭᠡᠳ | ᠳᠤᠮᠳᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠵᠠᠮ ᠠᠰᠢᠭᠯᠠᠯᠲᠠ ᠳᠤ ᠤᠷᠤᠵᠤ᠂ ᠠᠵᠤ | ᠦᠢᠯᠡᠳᠪᠦᠷᠢ ᠶᠢᠨ ᠬᠦᠷᠢᠶᠡᠯᠡᠩ ᠤᠨ ᠨᠤᠭᠤᠭᠠᠷᠠᠭᠤᠯᠤᠯᠳᠠ᠂ ᠭᠡᠷᠡᠯᠳᠦᠬᠦᠯᠭᠡ ᠶᠢᠨ ᠰᠠᠭᠤᠷᠢ ᠲᠥᠬᠦᠭᠡᠷᠦᠮᠵᠢ | ᠤᠯᠠᠮ ᠨᠢᠭᠡ ᠠᠯᠬᠤᠮ ᠲᠡᠬᠦᠯᠳᠡᠷᠵᠢᠭᠰᠡᠨ ᠪᠠᠶᠢᠨ᠎ᠠ᠃ | ︵ᠬᠤᠶᠠᠷ︶ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠭᠰᠡᠨ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠵᠧᠩᠵᠧᠦ᠂ ᠷᠧᠨ ᠴᠢᠦ ᠵᠡᠷᠭᠡ | ᠭᠠᠵᠠᠷ ᠤᠷᠤᠨ ᠳᠤ ᠬᠡᠳᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠠᠷᠠᠯᠵᠢᠶᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠪᠣᠯᠣᠨ ᠥᠨᠳᠥᠷ ᠴᠢᠳᠠᠪᠬᠢᠲᠤ ᠰᠢᠯ ᠰᠢᠷᠬᠡᠭ ᠤᠨ ᠠᠵᠤ ᠦᠢᠯᠡᠰ ᠤᠨ ᠠᠷᠠᠯᠵᠢᠶᠠᠴᠢᠨ | ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠲᠤᠰᠪᠤᠷᠢ ᠡᠷᠬᠢᠯᠡᠵᠦ᠂ ᠴᠢᠩᠳᠣᠣ ᠂ ᠾᠧᠪᠧᠢ ᠂ ᠾᠧᠨᠠᠨ ᠵᠡᠷᠭᠡ ᠭᠠᠵᠠᠷ | ᠤᠷᠤᠨ ᠤ 8 ᠠᠵᠤ ᠠᠬᠤᠶᠢᠯᠠᠯ ᠲᠠᠢ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠲᠤᠭᠳᠠᠭᠠᠳ᠂ ᠰᠢᠯ | ᠰᠢᠷᠬᠡᠭ ᠤᠨ ᠬᠠᠮᠢᠶᠠᠳᠠᠢ 10 ᠠᠵᠤ ᠠᠬᠤᠶᠢᠯᠠᠯ ᠮᠠᠨ ᠤ ᠬᠤᠰᠢᠭᠤᠨ ᠳᠤ ᠢᠷᠡᠵᠦ ᠲᠤᠬᠠᠢ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠬᠤ ᠶᠢᠨ ᠬᠠᠮᠲᠤ ᠪᠡᠯᠡ ᠣᠷᠣᠭᠤᠯᠤᠯᠲᠠ ᠶᠢᠨ ᠰᠠᠨᠠᠮᠵᠢ ᠪᠠᠨ ᠲᠣᠭᠲᠠᠭᠠᠵᠤ᠂ ᠨᠢᠭᠡ ᠠᠵᠤ | ᠠᠬᠤᠶᠢᠯᠠᠯ ᠨᠢ ᠮᠠᠨ ᠤ ᠬᠤᠰᠢᠭᠤᠨ ᠳᠤ ᠵᠢᠩᠬᠢᠨᠢ ᠪᠠᠷ ᠨᠤᠲᠤᠭᠰᠢᠪᠠ᠃ 7 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠶᠢᠨ ᠹᠧᠩ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠣᠬᠢᠷᠳᠤᠯ ᠦᠭᠡᠢ ᠴᠠᠬᠢᠯᠭᠠᠨ | ᠬᠠᠩᠭᠠᠯᠭ᠎ᠠ ᠶᠢᠨ ᠲᠦᠷᠦᠯ ᠵᠦᠢᠯ ᠦᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠪᠦᠯᠦᠭ ᠠᠵᠤ ᠦᠢᠯᠡᠳᠪᠦᠷᠢ ᠶᠢᠨ | ᠬᠦᠷᠢᠶᠡᠯᠡᠩ ᠤᠨ ᠪᠣᠬᠢᠷᠳᠤᠯ ᠦᠭᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠨᠠᠷᠢᠨ ᠲᠠᠩᠰᠠᠨ ᠳᠤ | ᠤᠷᠤᠵᠤ᠂ ᠺᠠᠢ ᠳ᠋ᠠ ᠲᠦᠮᠦᠰᠦᠨ ᠤ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠲᠦᠷᠦᠯ ᠵᠦᠢᠯ ᠨᠢ ᠠᠮᠵᠢᠯᠳᠠᠳᠠᠢ | ᠪᠠᠷ ᠭᠡᠷ᠎ᠡ ᠲᠤᠭᠳᠠᠭᠠᠳ ᠂ ᠡᠯ᠎ᠡ ᠲᠦᠷᠦᠯ ᠤᠨ ᠡᠮᠦᠨᠡᠬᠢ ᠬᠤᠭᠤᠴᠠᠭᠠᠨ ᠤ ᠠᠵᠢᠯ ᠡᠮᠬᠢ ᠵᠢᠷᠤᠮ ᠲᠠᠢ ᠶᠠᠪᠤᠭᠳᠠᠭᠰᠠᠨ | ᠪᠠᠶᠢᠨ᠎ᠠ᠃ ᠡᠨᠡ ᠵᠢᠯ ᠳᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠠᠵᠤ | ᠦᠢᠯᠡᠰ ᠤᠨ ᠬᠡᠯᠬᠢᠶ᠎ᠡ ᠪᠠᠷ ᠣᠷᠳᠣ᠂ ᠨᠦᠯᠦᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠠᠵᠤ | ᠦᠶᠢᠯᠡᠰᠵᠢᠯᠲᠡ ᠶᠢᠨ ᠳᠠᠭᠠᠭᠤᠯᠤᠭᠴᠢ ᠲᠥᠷᠥᠯ ᠵᠦᠢᠯ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠠᠢ᠃ | ︵ᠭᠤᠷᠪᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠨᠠᠷᠢᠯᠢᠭᠵᠢᠭᠤᠯᠵᠤ | ᠬᠦᠴᠦᠷᠭᠡᠭᠵᠢᠬᠦᠯᠦᠭᠰᠡᠨ᠃ ᠠᠰᠢᠭ ᠲᠤᠰᠠ ᠶᠢᠨ ᠬᠤᠯᠪᠤᠭᠳᠠᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ ᠲᠠᠭᠠᠭᠤᠯᠤᠭᠴᠢ ᠠᠵᠤ ᠠᠬᠤᠶᠢᠯᠠᠯ + ᠲᠤᠰᠬᠠᠢ ᠬᠤᠷᠰᠢᠶᠠᠵᠢᠯ + ᠰᠠᠭᠤᠷᠢᠨ ᠭᠠᠵᠠᠷ + | ᠲᠠᠷᠢᠶᠠᠴᠢᠨ ᠡᠷᠦᠬᠡ︾ ᠠᠵᠤ ᠦᠢᠯᠡᠰ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠦᠨ᠂ ᠦᠷ᠎ᠡ ᠶᠢᠨ ᠲᠥᠮᠥᠰᠥ᠂ | ᠶᠠᠮᠠ ᠶᠢᠨ ᠦᠷ᠎ᠡ᠂ ᠶᠤᠤᠮᠠᠢ᠂ ᠪᠤᠭᠤᠳᠠᠢ᠂ ᠬᠢᠲᠠᠳ ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ | ᠰᠢᠬᠢᠷ ᠯᠤᠤᠪᠠᠩ᠂ ᠥᠨᠳᠥᠷ ᠤᠨᠠᠯᠲᠠ ᠲᠠᠢ ᠲᠡᠵᠢᠭᠡᠯ ᠪᠣᠷᠳᠤᠭ᠎ᠠ᠂ ᠴᠢᠨᠠᠷ ᠰᠠᠶᠢᠲᠠᠢ ᠨᠡᠷᠡᠨ ᠬᠤᠸᠠᠷ᠂ ᠨᠣᠶᠢᠯ | ᠪᠤᠭᠤᠳᠠᠢ ᠳᠠᠷᠢᠬᠤ ᠪᠠᠷ ᠭᠤᠣᠯ ᠪᠣᠯᠭᠠᠭᠰᠠᠨ 10 ᠵᠤᠷᠪᠤᠰ ᠠᠵᠤ ᠦᠢᠯᠡᠰ ᠤᠨ ᠬᠡᠯᠬᠢᠶᠡᠵᠢᠯ ᠢ ᠬᠡᠪᠴᠢᠶᠡᠵᠢᠭᠦᠯᠦᠨ | ᠬᠦᠭᠵᠢᠬᠦᠯᠦᠭᠡᠳ᠂ ᠠᠮᠤ ᠪᠤᠳᠠᠭᠠᠨ ᠤ ᠶᠡᠷᠦᠩᠬᠡᠢ ᠤᠨᠠᠯᠲᠠ 38.6 ᠲᠦᠮᠡᠨ ᠲᠣᠨ ᠳᠤ ᠬᠦᠷᠴᠡᠢ᠃ ︽ᠬᠤᠨᠢ ᠶᠢ | ᠴᠥᠭᠡᠳᠬᠡᠨ ᠦᠬᠡᠷ ᠢ ᠦᠰᠭᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ 3000 ᠲᠤᠯᠤᠭᠠᠢ | ᠮᠢᠬᠠᠨ ᠤ ᠦᠬᠡᠷ ᠤᠨ ᠭᠡᠪᠴᠢᠶᠡᠵᠢᠬᠦᠯᠦᠨ ᠦᠷᠡᠵᠢᠬᠦᠯᠬᠦ ᠲᠠᠯᠠᠪᠠᠢ ᠶᠢ ᠲᠣᠭᠲᠠᠭᠤᠨ ᠢᠶᠠᠷ ᠠᠵᠢᠯᠯᠠᠭᠤᠯᠵᠤ᠂ ᠴᠢᠨᠠᠷ | ᠰᠠᠶᠢᠲᠠᠢ ᠮᠢᠬᠠᠨ ᠤ ᠦᠬᠡᠷ ᠤᠨ ᠲᠤᠭ᠎ᠠ ᠲᠤᠯᠤᠭᠠᠢ 13. 9 ᠲᠦᠮᠡ ᠳᠤ ᠬᠦᠷᠪᠡ᠃ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ᠂ ᠡᠷᠴᠢᠮᠵᠢᠯᠲᠡ᠂ ᠪᠣᠬᠢᠷᠳᠤᠯ ᠦᠬᠡᠶᠢᠵᠢᠯᠳᠡ ᠶᠢᠨ ᠲᠦᠪᠰᠢᠨ ᠦᠷᠭᠦᠯᠵᠢᠯᠡᠨ | ᠳᠡᠭᠡᠭᠰᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 10 ᠂ ᠲᠦᠷᠢᠮᠵᠢᠭᠰᠡᠨ | ᠲᠤᠰᠬᠠᠢ ᠬᠤᠷᠰᠢᠶᠠᠵᠢᠯ 377 ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 1272 ᠪᠤᠯᠤᠭᠠᠳ᠂ | ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠪᠦᠲᠦᠮᠵᠢᠲᠡᠶ ᠲᠠᠶᠢᠴᠢᠯᠠᠵᠤ᠂ 176 ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠳᠤᠮᠳᠠᠴᠢ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠲᠠᠪᠠᠭᠠᠳ᠂ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠦᠴᠦᠨ ᠦᠷᠭᠦᠯᠵᠢᠯᠡᠨ ᠴᠢᠩᠭᠠᠷᠠᠭᠰᠠᠨ ᠪᠠᠶᠢᠨ᠎ᠠ᠃ | ︵ᠳᠥᠷᠪᠡ︶ ᠰᠣᠶᠣᠯ ᠵᠢᠭᠤᠯᠴᠢᠯᠠᠯ ᠪᠠ ᠠᠷᠠᠯᠵᠢᠶ᠎ᠠ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ | ᠲᠦᠷᠭᠡᠳᠭᠡᠭᠰᠡᠨ᠃ ᠵᠢᠭᠤᠯᠴᠢᠯᠠᠯ ᠤᠨ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠭᠤᠷᠪᠠᠳᠤᠭᠠᠷ ᠠᠵᠤ ᠦᠢᠯᠡᠰ | ᠯᠠᠪᠳᠠᠭᠤᠨ ᠢᠶᠠᠷ ᠬᠥᠭᠵᠢᠵᠦ᠂ ᠬᠠᠭᠠᠨ ᠤ ᠠᠳᠤᠭᠤᠨ ᠵᠤᠰᠠᠭᠠᠯ᠂ ᠵᠢᠭᠤᠯᠴᠢᠯᠠᠭᠴᠢᠳ ᠲᠤ ᠦᠢᠯᠡᠴᠢᠯᠡᠬᠦ ᠲᠥᠪ᠂ | ᠬᠡᠪ ᠨᠠᠮᠪᠠᠳᠤ ᠠᠳᠤᠭᠤᠳᠤ ᠪᠠᠯᠭᠠᠰᠤ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠭᠡᠨ᠂ ᠫᠤᠤᠲ᠋ᠠᠢ | ᠶᠢᠩᠽᠢ ᠦᠢᠯᠡᠴᠢᠯᠡᠭᠡᠨ ᠤ ᠲᠣᠭᠤᠷᠢᠭ ᠤᠨ ᠦᠬᠡᠷᠡᠴᠢᠯᠡᠯᠳᠡ᠂ ᠳ᠋ᠦᠩᠱᠠᠨ ᠴᠡᠴᠡᠷᠯᠢᠭ ᠤᠨ ᠭᠡᠷᠡᠯᠳᠦᠬᠦᠯᠭᠡ ᠵᠡᠷᠭᠡ | ᠢᠨᠵᠧᠨᠧᠷᠢᠩ ᠢ ᠪᠡᠶᠡᠯᠡᠬᠦᠯᠦᠭᠰᠡᠨ ᠤ ᠬᠠᠮᠳᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ | ᠬᠥᠭᠵᠢᠮ ᠤᠨ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠦᠵᠡᠮᠵᠢ ᠶᠢᠨ ᠱᠤᠭᠤᠮ ᠤᠨ ᠨᠢᠭᠡᠳᠦᠭᠡᠷ ᠥᠷᠲᠡᠭᠡ — ᠲᠠᠶᠢᠹᠤᠰᠧ ᠬᠤᠰᠢᠭᠤᠨ ᠤ ᠬᠦᠢᠯᠡᠰᠦᠨ ᠴᠡᠴᠡᠭ ᠤᠨ | ᠤᠯᠠᠷᠢᠯ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠴᠢᠨᠠᠷ ᠰᠠᠶᠢᠲᠠᠢ ᠡᠷᠬᠢᠯᠡᠭᠡᠳ᠂ ᠵᠢᠭᠤᠯᠴᠢᠯᠠᠯ ᠤᠨ | ᠨᠥᠯᠥᠭᠡᠯᠡᠬᠦ ᠬᠦᠴᠦᠨ ᠪᠠ ᠠᠯᠳᠠᠷᠰᠢᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠯᠤᠰ ᠤᠨ | ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠬᠦᠯᠵᠦ | ᠲᠠᠰ ᠳᠡᠪᠰᠢᠭᠦᠯᠬᠦ ᠲᠥᠷᠥᠯ ᠵᠦᠢᠯ ᠳᠤ ᠲᠦᠰᠢᠭᠯᠡᠨ᠂ ᠠᠷᠠᠯᠵᠢᠶ᠎ᠠ ᠭᠦᠢᠯᠭᠡᠭᠡᠨ ᠤ ᠰᠢᠰᠲ᠋ᠧᠮᠵᠢ ᠪᠠ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 167 ᠡᠷᠦᠬᠡ ᠡᠯᠧᠺᠲᠷᠤᠨ ᠬᠤᠳᠠᠯᠳᠤᠭᠠᠨ ᠤ | ᠦᠢᠯᠡᠴᠢᠯᠡᠭᠡᠨ ᠤ ᠥᠷᠲᠡᠭᠡ ᠶᠢ ᠪᠥᠬᠦ ᠲᠠᠯ᠎ᠠ ᠪᠠᠷ ᠲᠠᠰ ᠲᠡᠪᠰᠢᠬᠦᠯᠦᠨ᠂ ᠬᠦᠢᠲᠡᠨ ᠬᠡᠯᠬᠢᠶᠡᠲᠦ ᠪᠠᠷᠠᠭᠠᠨ ᠤ | ᠲᠣᠬᠢᠷᠠᠭᠤᠯᠤᠨ ᠬᠦᠷᠭᠡᠬᠦ ᠲᠥᠪ ᠤᠨ ᠨᠢᠭᠡᠳᠦᠭᠡᠷ ᠬᠤᠭᠤᠴᠠᠭ᠎ᠠ ᠶᠢ ᠲᠣᠭᠲᠠᠭᠤᠨ ᠢᠶᠠᠷ ᠠᠵᠢᠯᠯᠠᠭᠤᠯᠵᠤ᠂ | ᠬᠤᠶᠠᠳᠤᠭᠠᠷ ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠪᠠ᠃ ᠡᠨᠡ ᠵᠢᠯ᠂ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠠᠶᠢᠹᠤᠰᠧ ᠰᠠᠯᠪᠤᠷᠢ ᠪᠠᠩᠬᠢ ᠪᠠᠶᠢᠭᠤᠯᠤᠭᠳᠠᠨ ᠠᠰᠢᠭᠯᠠᠯᠲᠠ ᠳᠤ | ᠤᠷᠤᠵᠠᠢ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠴᠢᠨᠠᠭᠰᠢᠳᠠ ᠲᠡᠭᠦᠯᠳᠡᠷᠵᠢᠭᠦᠯᠵᠦ | ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠨᠠᠷᠠᠲᠤ ᠲᠡᠮᠳᠡᠭᠲᠦ ᠰᠣᠶᠣᠯ ᠲᠠᠮᠢᠷ ᠤᠨ | ᠬᠦᠳᠡᠯᠪᠦᠷᠢ ᠠᠵᠢᠯᠯᠠᠭ᠎ᠠ ᠶᠢ ᠬᠦᠴᠦᠯᠡᠨ ᠪᠣᠶ ᠪᠤᠯᠭᠠᠪᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠬᠦᠴᠦᠨ ᠢᠶᠠᠷ | ᠠᠬᠢᠭᠤᠯᠤᠭᠰᠠᠨ᠃ ︽ᠳᠥᠷᠪᠡ ᠶᠢ ᠥᠯᠥ ᠲᠠᠶᠠᠭᠳᠠᠬᠤ︾ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ | ᠂ ᠬᠥᠳᠡᠯᠦᠩᠭᠦᠢ ᠪᠠᠷ ᠬᠢᠨᠠᠨ ᠰᠢᠯᠭᠠᠬᠤ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠨ᠂ | ︽ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ︾ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ | ᠪᠥᠬᠦ ᠵᠢᠯ ᠳᠤ 100 ᠡᠷᠦᠬᠡ 190 ᠬᠦᠮᠦᠨ ᠤ ᠶᠠᠳᠠᠭᠤᠷᠠᠯ ᠤᠨ ᠲᠦᠭᠰᠢᠭᠦᠷᠢ ᠶᠢ ᠠᠷᠢᠯᠭᠠᠨ᠂ 123 ᠡᠷᠦᠬᠡ | 232 ᠬᠥᠮᠥᠨ ᠢ ᠬᠢᠨᠠᠨ ᠰᠢᠯᠭᠠᠬᠤ ᠨᠢᠭᠤᠷᠯᠠᠯ ᠳᠤ ᠰᠢᠨ᠎ᠡ ᠪᠠᠷ ᠢᠯᠭᠠᠨ ᠣᠷᠣᠭᠤᠯᠪᠠ᠃ ︽ᠨᠢᠭᠡ ᠡᠷᠦᠬᠡ ᠳᠤ | ᠨᠢᠭᠡ ᠪᠣᠳᠣᠯᠭ᠎ᠠ ᠭᠡᠷᠡᠭᠵᠢᠬᠦᠯᠬᠦ︾ ᠶᠢ ᠨᠠᠶᠢᠳᠠᠪᠤᠷᠢᠵᠢᠭᠤᠯᠵᠤ᠂ 1051 ᠲᠦᠮᠡᠨ ᠲᠥᠭᠦᠷᠢᠭ ᠤᠨ ᠰᠤᠷᠤᠯᠭ᠎ᠠ | ᠶᠢᠨ ᠲᠡᠳᠬᠦᠮᠵᠢ ᠲᠠᠷᠬᠠᠭᠠᠨ᠂ 40785 ᠬᠥᠮᠥᠨ ᠤᠳᠠᠭ᠎ᠠ ᠳᠤ ᠬᠦᠨᠳᠦ ᠡᠪᠡᠳᠴᠢᠨ ᠤ ᠡᠮᠨᠡᠯᠭᠡ ᠶᠢᠨ ᠲᠤᠰᠠᠯᠠᠮᠵᠢ | ᠬᠦᠷᠳᠡᠭᠡᠭᠰᠡᠨ ᠪᠦᠭᠡᠳ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠨᠴᠠᠯᠢᠭᠲᠤ ᠠᠵᠤ ᠦᠢᠯᠡᠰ᠂ | ᠠᠮᠢ ᠠᠬᠤᠢ ᠣᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠵᠡᠷᠭᠡ 77 ᠭᠤᠣᠯᠳᠠᠯᠭ᠎ᠠ ᠲᠠᠢ ᠲᠥᠷᠥᠯ ᠵᠦᠢᠯ ᠢ | ᠭᠡᠷᠡᠭᠵᠢᠬᠦᠯᠪᠡ᠃ ᠮᠠᠯᠵᠢᠬᠤ ᠲᠠᠷᠢᠶᠠᠯᠠᠬᠤ ᠣᠷᠣᠨ ᠤ 68 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠵᠤ᠂ ᠲᠦᠭᠡᠭᠡᠯ ᠤᠰᠤᠨ ᠤ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 6᠂ ᠤᠰᠤ | ᠲᠥᠪᠯᠡᠷᠡᠭᠦᠯᠦᠨ ᠬᠠᠩᠭᠠᠬᠤ ᠢᠨᠵᠧᠨᠧᠷᠢᠩ 40 ᠶᠢ ᠭᠡᠷᠡᠭᠵᠢᠬᠦᠯᠵᠡᠢ᠃ ᠦᠢᠯᠡᠳᠪᠦᠷᠢᠯᠡᠯ ᠠᠮᠢᠳᠤᠷᠠᠯ ᠤᠨ | ᠲᠤᠭᠤᠷᠢᠭ ᠢ ᠰᠠᠯᠭᠠᠬᠤ ᠰᠠᠭᠤᠷᠢᠨ ᠭᠠᠵᠠᠷ 3 ᠶᠢ ᠰᠢᠨ᠎ᠡ ᠪᠠᠷ ᠪᠠᠶᠢᠭᠤᠯᠤᠨ᠂ ᠵᠠᠮ ᠤᠨ ᠳ᠋ᠧᠩ 748 ᠶᠢ | ᠤᠭᠰᠠᠷᠠᠵᠤ ᠂ 30.3 ᠺᠢᠯᠣᠮᠧᠲᠷ ᠵᠠᠮ ᠢ ᠬᠠᠲᠠᠭᠤᠷᠠᠭᠤᠯᠤᠨ᠂ 1170 ᠡᠷᠦᠬᠡ ᠶᠢᠨ ᠠᠰᠠᠭᠤᠳᠠᠯ ᠲᠠᠢ ᠵᠣᠷᠯᠣᠩ ᠢ | ᠦᠬᠡᠷᠡᠴᠢᠯᠡᠵᠦ᠂ 1148 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ | ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠪᠠ᠃ ︽ᠣᠯᠠᠨ | ᠲᠥᠯᠦᠪᠵᠢᠭᠦᠯᠭᠡ ᠶᠢ ᠨᠢᠭᠡᠳᠬᠡᠭᠰᠡᠨ︾ ᠠᠶᠢᠯ ᠲᠣᠰᠬᠤᠨ ᠤ ᠲᠥᠯᠦᠪᠵᠢᠭᠦᠯᠭᠡ 86 ᠶᠢ ᠨᠠᠶᠢᠷᠠᠭᠤᠯᠤᠨ ᠵᠣᠬᠢᠶᠠᠵᠤ᠂ | ᠣᠷᠣᠨ ᠤ ᠲᠠᠰ ᠤᠨ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ 19᠂ | ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 10᠂ | ᠠᠶᠢᠮᠠᠭ ᠤᠨ ᠲᠠᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ | ᠲᠣᠰᠬᠤᠨ 8᠂ ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠲᠣᠰᠬᠤᠨ 5 ᠶᠢ ᠪᠣᠶ ᠪᠤᠯᠭᠠᠪᠠ᠃ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠠᠷᠭ᠎ᠠ ᠠᠪᠴᠢᠯ ᠢ ᠤᠯᠤᠰ ᠤᠨ | ᠭᠤᠷᠪᠠᠳᠠᠭᠢ ᠡᠲᠡᠭᠡᠳ ᠤᠨ ᠬᠢᠨᠠᠨ ᠰᠢᠯᠭᠠᠬᠤ ᠳᠤᠭᠤᠶᠢᠯᠠᠩ ᠠᠴᠠ ᠵᠦᠪᠰᠢᠶᠡᠷᠡᠨ ᠨᠤᠳ᠋ᠯᠠᠭᠰᠠᠨ ᠪᠠᠶᠢᠨ᠎ᠠ᠃ | ︵ᠵᠢᠷᠭᠤᠭ᠎ᠠ︶ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠭᠦᠨᠵᠡᠭᠡᠢ ᠦᠷᠨᠢᠬᠦᠯᠦᠭᠰᠡᠨ᠃ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ | ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠰᠢᠭᠲᠠᠢ ᠲᠣᠬᠢᠶᠠᠯ ᠢ ᠡᠵᠡᠮᠳᠡᠵᠦ ᠂ ᠲᠠᠢ ᠽᠢ ᠴᠧᠩ | ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠤᠷᠤᠭᠰᠢᠲᠠᠢ ᠠᠬᠢᠭᠤᠯᠪᠠ | ᠃ ︽ ᠲᠠᠶᠢᠹᠤᠰᠧ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠳᠠᠭᠤᠰᠬᠠᠭᠠᠳ᠂ ᠵᠠᠭᠤᠨ ᠮᠦ ᠬᠥᠷᠥᠰᠥ ᠰᠢᠷᠣᠢ ᠶᠢ | ᠰᠠᠶᠢᠵᠢᠷᠠᠭᠤᠯᠬᠤ ᠮᠡᠷᠭᠡᠵᠢᠯ ᠤᠨ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠠᠩᠬ᠎ᠠ ᠠᠯᠬᠤᠮ ᠤᠨ | ᠦᠷ᠎ᠡ ᠪᠦᠲᠦᠮᠵᠢ ᠣᠯᠵᠤ᠂ ︽5321︾ ᠢᠨᠵᠧᠨᠧᠷᠢᠩ᠂ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ 7593 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ | ᠮᠥᠩᠭᠦ ᠣᠷᠣᠭᠤᠯᠵᠤ᠂ ᠵᠠᠮ ᠵᠠᠰᠠᠬᠤ ᠪᠠ ᠰᠡᠯᠡᠭᠦᠴᠡᠯ ᠤᠨ ᠲᠠᠯᠠᠪᠠᠶ᠂ ᠰᠣᠶᠣᠯ ᠤᠨ ᠠᠵᠢᠯᠯᠠᠭᠠᠨ ᠤ ᠲᠥᠪ᠂ ᠤᠰᠤ | ᠤᠮᠳᠠ ᠰᠢᠢᠳᠪᠦᠷᠢᠯᠡᠬᠦ ᠦᠷᠳᠡᠭᠡᠨ ᠤ ᠪᠠᠶᠢᠭᠤᠯᠤᠯᠳᠠ ᠵᠡᠷᠭᠡ 33 ᠲᠥᠷᠥᠯ ᠵᠦᠢᠯ ᠢ ᠭᠡᠷᠡᠭᠵᠢᠬᠦᠯᠵᠡᠢ᠃ | ᠬᠡᠷᠡᠭᠯᠡᠭᠡ ᠪᠠᠷ ᠬᠠᠪᠰᠤᠷᠤᠨ ᠲᠡᠳᠬᠦᠬᠦ ᠤᠬᠠᠭᠤᠯᠭ᠎ᠠ ᠲᠠᠨᠢᠯᠴᠠᠭᠤᠯᠭ᠎ᠠ ᠶᠢ ᠥᠷᠨᠢᠭᠦᠯᠵᠦ᠂ ︽ᠦᠢᠯᠡᠰ ᠪᠦᠳᠦᠬᠡᠵᠦ | ᠰᠢᠨ᠎ᠡ ᠶᠢ ᠡᠭᠦᠳᠬᠦ ᠲᠥᠪ︾᠂ ︽832︾᠂ ︽ᠨᠡᠶᠢᠲᠡ ᠳᠤ ᠲᠤᠰᠠᠳᠠᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ︾ ᠵᠡᠷᠭᠡ ᠲᠠᠪᠴᠠᠩ ᠢᠶᠠᠷ ᠳᠠᠮᠵᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ 1.91 | ᠳ᠋ᠦᠩᠰᠢᠭᠤᠷ ᠲᠥᠭᠦᠷᠢᠭ ᠲᠤ ᠬᠥᠷᠪᠡ᠃ ᠲᠦᠷᠦ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠨᠥᠬᠦᠪᠦᠷᠢ | ᠮᠦᠩᠬᠦ ᠪᠠᠷ ᠬᠠᠪᠰᠤᠷᠤᠨ ᠲᠡᠳᠬᠦᠬᠦ ᠵᠡᠷᠭᠡ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠠᠪᠴᠤ᠂ ᠪᠡᠭᠡᠵᠢᠩ ᠳᠤ | ᠣᠴᠢᠵᠤ ᠠᠵᠢᠯ ᠬᠢᠯᠭᠡᠬᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠠᠵᠢᠯ ᠬᠢᠯᠬᠡᠬᠦ ᠮᠡᠳᠦ ᠶᠢᠨ | ᠠᠷᠭ᠎ᠠ ᠪᠠᠷ 3000 ᠭᠠᠷᠤᠢ ᠠᠵᠢᠯ ᠤᠨ ᠪᠠᠶᠢᠷᠢ ᠶᠢ ᠨᠡᠭᠡᠭᠡᠨ᠂ 830 ᠭᠠᠷᠤᠢ ᠬᠥᠮᠥᠨ ᠤ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠪᠡ᠃ 2389 ᠨᠡᠷ᠎ᠡ ᠬᠠᠪᠰᠤᠷᠤᠨ ᠲᠡᠳᠬᠦᠬᠦ ᠺᠠᠳ᠋ᠷ ᠂ 2882 ᠨᠡᠷ᠎ᠡ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ᠂ 4774 ᠨᠡᠷ᠎ᠡ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠪᠤᠯᠪᠠᠰᠤᠷᠠᠭᠤᠯᠵᠤ ᠬᠦᠮᠦᠵᠢᠬᠦᠯᠦᠭᠡᠳ᠂ ᠦᠨᠳᠦᠰᠦᠨ ᠱᠠᠲᠤᠨ ᠤ ᠺᠠᠳ᠋ᠷ ᠪᠣᠯᠣᠨ ᠮᠡᠷᠭᠡᠵᠢᠯ ᠤᠨ | ᠠᠵᠢᠯᠲᠠᠨ ᠤ ᠤᠨᠤᠯ ᠤᠨ ᠲᠦᠪᠰᠢᠨ᠂ ᠠᠵᠢᠯ ᠤᠨ ᠴᠢᠳᠠᠪᠤᠷᠢ ᠬᠢᠭᠡᠳ ᠦᠢᠯᠡᠴᠢᠯᠡᠭᠡᠨ ᠤ ᠤᠬᠠᠮᠰᠠᠷ ᠶᠡᠭᠡ | ᠬᠡᠮᠵᠢᠶ᠎ᠡ ᠪᠠᠷ ᠲᠡᠭᠡᠭᠰᠢᠯᠡᠵᠦ ᠢᠷᠡᠭᠰᠡᠨ ᠪᠠᠶᠢᠨ᠎ᠠ᠃ | ︵ᠳᠣᠯᠤᠭ᠎ᠠ︶ ᠬᠤᠲᠠ ᠬᠥᠳᠡᠭᠡ ᠶᠢᠨ ᠰᠠᠭᠤᠷᠢ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠤᠭᠰᠠᠨ᠃ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 4.1 ᠺᠢᠯᠤᠮᠧᠲᠷ ᠬᠤᠳᠠ ᠶᠢᠨ ᠵᠠᠮ | ᠢ ᠰᠢᠨ᠎ᠡ ᠪᠠᠷ ᠪᠠᠶᠢᠭᠤᠯᠤᠨ᠂ 1. 5 ᠲᠦᠮᠡᠨ ᠬᠠᠪᠳᠠᠭᠠᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠳᠡᠪᠢᠰᠦᠨ | ᠬᠠᠲᠠᠭᠤᠷᠠᠭᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ 8.8 ᠲᠦᠮᠡᠨ ᠬᠠᠪᠳᠠᠭᠠᠢ ᠳᠥᠷᠪᠡᠯᠵᠢᠨ ᠮᠧᠲᠷ | ᠨᠡᠮᠡᠭᠳᠡᠭᠦᠯᠦᠨ᠂ ᠵᠡᠭᠡᠯᠢ ᠶᠢᠨ ᠳ᠋ᠧᠩ 180 ᠶᠢ ᠤᠭᠰᠠᠷᠠᠪᠠ᠃ ᠤᠰᠤ ᠬᠠᠩᠭᠠᠬᠤ ᠢᠯᠴᠢ ᠬᠠᠩᠭᠠᠬᠤ ᠪᠠ ᠪᠣᠷᠣᠭᠠᠨ | ᠤ ᠤᠰᠤ ᠪᠤᠬᠢᠷ ᠤᠰᠤ ᠶᠢ ᠰᠠᠯᠭᠠᠨ ᠤᠷᠤᠰᠬᠠᠬᠤ ᠲᠦᠬᠦᠭᠡᠷᠦᠮᠵᠢ ᠶᠢᠨ ᠦᠬᠡᠷᠡᠴᠢᠯᠡᠯᠳᠡ ᠶᠢ ᠬᠢᠵᠦ᠂ ᠤᠰᠤ | ᠬᠠᠩᠭᠠᠬᠤ ᠬᠤᠭᠤᠯᠠᠢ 11 ᠺᠢᠯᠣᠮᠧᠲᠷ᠂ ᠢᠯᠴᠢ ᠬᠠᠩᠭᠠᠬᠤ ᠬᠤᠭᠤᠯᠠᠢ 13 ᠺᠢᠯᠣᠮᠧᠲᠷ᠂ ᠪᠣᠷᠣᠭᠠᠨ ᠤ | ᠤᠰᠤᠨ ᠤ ᠬᠤᠭᠤᠯᠠᠢ 7.9 ᠺᠢᠯᠣᠮᠧᠲᠷ᠂ ᠪᠣᠬᠢᠷ ᠤᠰᠤᠨ ᠤ ᠬᠤᠭᠤᠯᠠᠢ 6.9 ᠺᠢᠯᠣᠮᠧᠲᠷ ᠲᠡᠪᠢᠰᠴᠡᠢ᠃ | ᠪᠤᠤᠴᠠᠩ ᠭᠤᠣᠯ ᠤᠨ ᠪᠠᠷᠠᠭᠤᠨ ᠭᠤᠯᠳᠤᠩ ᠤᠨ ᠲᠡᠷᠭᠡᠨ ᠵᠣᠭᠰᠣᠭᠠᠯ᠂ ᠲᠡᠷᠭᠡᠨ ᠥᠷᠲᠡᠭᠡᠨ ᠤ ᠡᠮᠦᠨᠡᠬᠢ ᠠᠭᠤᠳᠠᠮ | ᠲᠠᠯᠠᠪᠠᠢ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠢᠨᠵᠧᠨᠧᠷᠢᠩ ᠵᠡᠷᠭᠡ ᠶᠢ ᠲᠣᠭᠲᠠᠭᠰᠠᠨ ᠬᠤᠭᠤᠴᠠᠭᠠᠨ ᠳᠤ | ᠪᠠᠶᠢᠭᠤᠯᠵᠤ ᠲᠠᠭᠤᠰᠬᠠᠪᠠ᠃ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠶᠢ ᠡᠬᠢᠯᠡᠨ | ᠪᠠᠶᠢᠭᠤᠯᠵᠤ᠂ ᠯᠦᠸᠧ ᠲᠦᠸᠧ ᠱᠠᠨ ᠮᠤᠬᠤᠷ ᠵᠠᠮ ᠢ ᠨᠡᠪᠳᠡᠷᠡᠬᠦᠯᠦᠨ᠂ ᠼᠠᠢ ᠶᠤᠸᠠᠨ ᠲᠣᠰᠬᠤᠨ ᠤ ᠨᠤᠷᠠᠭᠠᠵᠤ | ᠨᠡᠭᠦᠯᠭᠡᠬᠦ ᠠᠵᠢᠯ ᠢ ᠤᠷᠤᠭᠰᠢᠲᠠᠢ ᠠᠬᠢᠭᠤᠯᠵᠤ᠂ ᠶᠠᠩ ᠭᠤᠸᠠᠩ ᠲᠠᠪᠤᠳᠤᠭᠠᠷ ᠬᠤᠭᠤᠴᠠᠭᠠᠨ ᠤ ᠰᠠᠭᠤᠭᠠᠯᠢ | ᠲᠤᠭᠤᠷᠢᠭ ᠤᠨ ᠪᠠᠶᠢᠭᠤᠯᠤᠯᠳᠠ ᠶᠢ ᠡᠬᠢᠯᠡᠬᠦᠯᠦᠭᠰᠡᠨ ᠪᠦᠭᠡᠳ 10 ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠨ ᠵᠠᠰᠠᠬᠤ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ᠃ ︽304︾ ᠮᠤᠵᠢ ᠶᠢᠨ | ᠵᠠᠮ ᠤᠨ ᠪᠦᠦ ᠹᠧᠩ ᠱᠤᠭᠤᠮ᠂ ᠰᠢ ᠵᠦᠩ ᠱᠤᠭᠤᠮ ᠲᠡᠷᠭᠡ ᠨᠡᠪᠳᠡᠷᠡᠵᠡᠢ᠃ ᠬᠤᠰᠢᠭᠤ ᠲᠤᠭᠤᠷᠢᠭ ᠲᠤ 3 | ᠵᠤᠷᠪᠤᠰ ᠨᠡᠶᠢᠲᠡ ᠶᠢᠨ ᠮᠠᠰᠢᠨ ᠤ ᠱᠤᠭᠤᠮ ᠢ ᠰᠢᠨ᠎ᠡ ᠪᠠᠷ ᠨᠡᠪᠳᠡᠷᠡᠬᠦᠯᠦᠨ᠂ 5 ᠰᠠᠤᠷᠢ ᠰᠢᠨ᠎ᠡ ᠡᠨᠧᠷᠭᠢ ᠶᠢᠨ ᠮᠠᠰᠢᠨ | ᠨᠡᠮᠡᠵᠦ᠂ ᠬᠤᠳᠠ ᠪᠠᠯᠭᠠᠰᠤᠨ ᠤ ᠨᠡᠶᠢᠲᠡ ᠶᠢᠨ ᠮᠠᠰᠢᠨ ᠤ ᠪᠠᠲᠤᠯᠠᠭ᠎ᠠ ᠶᠢ ᠨᠦᠬᠦᠪᠦᠷᠢᠯᠡᠪᠡ᠃ ︽ᠳᠥᠷᠪᠡᠨ | ᠰᠠᠶᠢᠨᠲᠠᠢ ᠬᠥᠳᠡᠭᠡ ᠶᠢᠨ ᠵᠠᠮ︾ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠶᠢᠯ ᠬᠤᠳᠠᠨ ᠤ | ᠬᠤᠭᠤᠷᠤᠨᠳᠤᠬᠢ 17.4 ᠺᠢᠯᠣᠮᠧᠲᠷ ᠵᠠᠮ ᠢ ᠪᠠᠶᠢᠭᠤᠯᠵᠤ ᠡᠬᠢᠯᠡᠭᠰᠡᠨ ᠪᠦᠭᠡᠳ ᠮᠠᠯᠵᠢᠬᠤ ᠲᠠᠷᠢᠶᠠᠯᠠᠬᠤ ᠣᠷᠣᠨ ᠤ | 26.5 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠮᠠᠭᠠᠯᠠᠯᠲᠠ ᠶᠢ 7.5 ᠺᠢᠯᠣᠮᠧᠲᠷ ᠲᠤ ᠪᠡᠶᠡᠯᠡᠬᠦᠯᠪᠡ᠃ 4A ᠲᠠᠰ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨ ᠭᠠᠵᠠᠷ ᠰᠣᠩᠭᠤᠬᠤ ᠶᠢ ᠪᠡᠶᠡᠯᠡᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ | ᠤᠷᠤᠭᠰᠢᠲᠠᠢ ᠠᠬᠢᠭᠤᠯᠪᠠ᠃ | ︵ᠨᠠᠢᠮᠠ︶ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠬᠦᠴᠦᠯᠡᠨ ᠬᠦᠭᠵᠢᠬᠦᠯᠦᠭᠰᠡᠨ᠃ | 11004 ᠠᠵᠢᠯ ᠤᠨ ᠪᠠᠶᠢᠷᠢ ᠶᠢ ᠨᠡᠭᠡᠭᠡᠵᠦ᠂ ᠬᠤᠲᠠ ᠪᠠᠯᠭᠠᠰᠤᠨ ᠤ 1004 ᠬᠥᠮᠥᠨ ᠳᠤ ᠠᠵᠢᠯ ᠤᠯᠭᠤᠨ᠂ | 1231 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠲᠠᠷᠬᠠᠭᠠᠵᠠᠢ᠃ ᠴᠠᠯᠢᠩ ᠥᠷᠢᠲᠦᠬᠦ | ᠠᠵᠢᠯᠯᠠᠭ᠎ᠠ ᠶᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠵᠤ᠂ ᠬᠥᠯᠥᠰᠦᠨ ᠠᠵᠢᠯᠴᠢᠨ ᠳᠤ ᠦᠷᠢᠳᠦᠭᠰᠡᠨ | 850 ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠢᠷᠠᠪᠠ᠃ ᠦᠨᠳᠦᠰᠦᠨ ᠵᠦᠢᠯ ᠢ ᠪᠠᠲᠤᠯᠠᠬᠤ | ᠪᠠᠳᠤᠯᠠᠭᠠᠨ ᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ | ᠲᠥᠷᠥᠯ ᠤᠨ ᠪᠡᠯᠡ ᠮᠥᠩᠭᠦ ᠶᠢ 4.1 ᠳ᠋ᠦᠩᠰᠢᠭᠤᠷ ᠲᠥᠭᠦᠷᠢᠭ ᠲᠠᠷᠭᠠᠭᠠᠨ᠂ ᠨᠠᠰᠤᠵᠢᠯ ᠤᠨ ᠠᠰᠠᠷᠠᠮᠵᠢ ᠶᠢᠨ | ᠮᠥᠩᠭᠦ ᠶᠢ 6.26 ᠳ᠋ᠦᠩᠰᠢᠭᠤᠷ ᠲᠥᠭᠦᠷᠢᠭ ᠲᠠᠷᠬᠠᠭᠠᠵᠤ᠂ 2.44 ᠳ᠋ᠦᠩᠰᠢᠭᠤᠷ ᠲᠥᠭᠦᠷᠢᠭ ᠡᠮ ᠡᠮᠨᠡᠯᠭᠡ ᠶᠢᠨ | ᠵᠠᠷᠤᠳᠠᠯ ᠢ ᠲᠠᠩᠰᠠᠨ ᠠᠴᠠ ᠴᠠᠶᠢᠷᠠᠭᠤᠯᠪᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠬᠦᠮᠦᠰ᠂ | ᠵᠡᠮᠳᠡᠭ ᠬᠦᠮᠦᠰ ᠵᠡᠷᠭᠡ ᠬᠦᠴᠢᠷᠳᠡᠯᠲᠡᠢ ᠴᠤᠭᠴᠠᠰ ᠲᠤ 1.34 ᠳ᠋ᠦᠩᠰᠢᠭᠤᠷ ᠲᠥᠭᠦᠷᠢᠭ ᠤᠨ ᠨᠥᠬᠦᠪᠦᠷᠢ | ᠣᠯᠭᠤᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ | ᠠᠬᠤᠢ ᠶᠢᠨ ᠲᠤᠰᠠᠯᠠᠮᠵᠢ ᠶᠢᠨ ᠮᠥᠩᠭᠦ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠤᠨ | ᠲᠤᠰᠠᠯᠠᠮᠵᠢ ᠶᠢᠨ ᠮᠥᠩᠭᠦ ᠶᠢ 1050 ᠲᠦᠮᠡᠨ ᠲᠥᠭᠦᠷᠢᠭ ᠲᠠᠷᠬᠠᠭᠠᠪᠠ᠃ 11 ᠰᠠᠭᠤᠷᠢ ᠳᠤᠮᠳᠠᠳᠤ ᠪᠠᠭ᠎ᠠ | ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠠᠭᠤᠷᠢ ᠲᠦᠬᠦᠭᠡᠷᠦᠮᠵᠢ ᠶᠢ ᠰᠡᠯᠪᠢᠨ ᠵᠠᠰᠠᠵᠤ᠂ ᠨᠢᠭᠡᠳᠦᠭᠡᠷ | ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠭᠦᠳᠡᠨ ᠤ ᠥᠭᠡᠷᠡᠴᠢᠯᠡᠯᠲᠡ ᠶᠢ ᠪᠡᠶᠡᠯᠡᠭᠦᠯᠦᠨ᠂ | ᠲᠠᠪᠤᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠠᠰᠢᠭᠯᠠᠯᠲᠠ ᠳᠤ ᠤᠷᠤᠭᠤᠯᠵᠠᠢ᠃ 64 ᠨᠡᠷ᠎ᠡ | ᠪᠠᠭᠰᠢ ᠶᠢ ᠤᠷᠢᠨ ᠬᠡᠷᠡᠭᠯᠡᠵᠦ᠂ 7 ᠨᠡᠷ᠎ᠡ ᠰᠢᠯᠢᠳᠡᠭ ᠪᠠᠭᠰᠢ ᠶᠢ ᠤᠷᠢᠵᠤ ᠤᠷᠤᠭᠤᠯᠤᠨ᠂ ᠰᠢᠯᠢᠳᠡᠭ ᠪᠠᠭᠰᠢ ᠶᠢᠨ | ᠠᠵᠢᠯ ᠤᠨ ᠪᠦᠲᠦᠮᠵᠢ ᠶᠢᠨ ᠱᠠᠩᠨᠠᠯ 135 ᠲᠦᠮᠡᠨ ᠲᠥᠭᠦᠷᠢᠭ ᠢ ᠣᠯᠭᠤᠵᠤ᠂ ᠠᠩᠭᠢ ᠶᠢᠨ ᠡᠷᠬᠢᠯᠡᠭᠴᠢ ᠶᠢᠨ | ᠨᠦᠬᠦᠪᠦᠷᠢ ᠶᠢ ᠶᠡᠭᠡ ᠪᠠᠷ ᠳᠡᠭᠡᠭᠰᠢᠯᠡᠭᠦᠯᠪᠡ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠵᠦ ᠰᠢᠢᠳᠪᠦᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ | ᠡᠪᠡᠳᠴᠢᠨ ᠤ ᠲᠣᠭᠤᠷᠢᠭ᠂ ᠡᠪᠡᠳᠴᠢᠨ ᠲᠠᠬᠤᠯ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ᠂ | ᠲᠢᠶᠠᠨ ᠢ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠤᠷᠤᠭᠤᠯᠤᠨ᠂ | ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠪᠠᠷᠢᠯᠭ᠎ᠠ ᠡᠬᠢᠯᠡᠬᠦᠯᠦᠭᠰᠡᠨ ᠤ ᠬᠠᠮᠳᠤ | ᠂ 28 ᠨᠡᠷ᠎ᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠵᠤ᠂ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠵᠡᠢ᠃ ᠦᠷᠡᠭᠳᠡᠭᠰᠡᠨ ᠪᠠᠭᠠᠲᠤᠷᠴᠤᠳ ᠤᠨ | ᠤᠩᠭᠤᠨ ᠤ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠤ ᠥᠷᠭᠡᠳᠬᠡᠨ ᠪᠠᠶᠢᠭᠤᠯᠬᠤ | ᠢᠨᠵᠧᠨᠧᠷᠢᠩ᠂ ᠨᠡᠶᠢᠲᠡ ᠶᠢᠨ ᠤᠩᠭᠤᠨ ᠤ ᠪᠠᠶᠢᠭᠤᠯᠤᠯᠳᠠ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ | ᠪᠥᠬᠦ ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ 18.5 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ | ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 88% ᠶᠢ ᠡᠵᠡᠯᠡᠭᠰᠡᠨ ᠪᠠᠶᠢᠨ᠎ᠠ᠃ | ︵ᠶᠢᠰᠦ︶ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠭᠰᠠᠨ᠃ | ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 20 ᠬᠠᠪᠳᠠᠭᠠᠢ | ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠂ 6.5 ᠺᠢᠯᠤᠮᠧᠲᠷ ᠭᠤᠣᠯ ᠤᠨ ᠵᠠᠮ ᠪᠤᠶᠤ ᠦᠶᠡᠷ ᠵᠠᠯᠠᠬᠤ ᠭᠤᠣ | ᠶᠢᠨ ᠶᠡᠷᠦᠩᠬᠡᠶᠢᠯᠡᠭᠰᠡᠨ ᠵᠠᠰᠠᠯᠳᠠ ᠶᠢ ᠬᠢᠭᠰᠡᠨ ᠪᠦᠭᠡᠳ ᠣᠶ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠠᠵᠠᠷ ᠰᠢᠷᠤᠢ ᠶᠢ ᠨᠣᠭᠤᠭᠠᠷᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ 7148 | ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠵᠦ᠂ 1000 ᠮᠦ ᠶᠢ ᠬᠥᠮᠥᠨ ᠤ ᠬᠦᠴᠦ ᠪᠠᠷ | ᠤᠶᠢᠵᠢᠭᠤᠯᠤᠨ᠂ 1.5 ᠲᠦᠮᠡᠨ ᠮᠦ ᠤᠢ ᠮᠤᠳᠤ ᠶᠢ ᠨᠦᠬᠦᠨ ᠳᠠᠷᠢᠵᠤ᠂ 2 ᠲᠦᠮᠡᠨ ᠮᠦ ᠣᠶ ᠰᠢᠭᠤᠢ ᠶᠢ | ᠠᠷᠠᠴᠢᠯᠠᠨ ᠪᠤᠶᠢᠵᠢᠭᠤᠯᠵᠠᠢ᠃ ᠮᠠᠯᠵᠢᠬᠤ ᠣᠷᠣᠨ ᠳᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠤᠯᠠᠷᠢᠯ ᠤᠨ ᠴᠢᠨᠠᠷᠲᠠᠢ ᠪᠡᠯᠴᠢᠭᠡᠷ ᠰᠡᠷᠬᠦᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠷᠪᠠᠳᠤᠭᠠᠷ ᠡᠭᠡᠯᠵᠢ ᠶᠢᠨ | ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠠᠮᠢᠳᠤᠷᠠᠯ ᠤᠨ ᠪᠤᠬᠢᠷ ᠤᠰᠤ ᠪᠠ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ | ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ᠂ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ | ᠪᠠᠷᠢᠮᠵᠢᠶ᠎ᠠ ᠳᠤ ᠬᠦᠷᠭᠡᠨ ᠠᠵᠢᠯᠯᠠᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ | ᠰᠢᠢᠳᠪᠦᠷᠢᠯᠡᠬᠦ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠠᠯᠬᠤᠮ ᠲᠠᠷᠠᠭᠠᠯᠠᠯ ᠲᠠᠢ ᠶᠠᠪᠤᠭᠳᠠᠨ᠂ ᠡᠪᠦᠯ ᠤᠨ ᠤᠯᠠᠷᠢᠯ ᠤᠨ ᠤᠯᠢᠮᠫᠢᠺ | ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ ᠤᠨ ᠴᠤᠭᠯᠠᠭᠠᠨ ᠤ ᠬᠤᠭᠤᠴᠠᠭᠠᠨ ᠳᠠᠬᠢ | ᠠᠭᠠᠷ ᠤᠨ ᠴᠢᠨᠰᠠᠭ᠎ᠠ ᠶᠢ ᠪᠠᠲᠤᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃ | ︵ᠠᠷᠪᠠ︶ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠭᠰᠠᠨ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ | ᠲᠦᠷᠦᠯ ᠤᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠴᠢᠩᠭ᠎ᠠ | ᠴᠣᠬᠢᠯᠲᠠ ᠦᠭᠴᠡᠢ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠵᠢᠭᠤᠷᠠᠭᠠᠨ ᠢ ᠬᠠᠤᠯᠢ ᠶᠣᠰᠣᠭᠠᠷ ᠡᠶᠡᠳᠡᠭᠦᠯᠦᠨ | ᠰᠢᠢᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠦ ᠬᠥᠳᠡᠯᠬᠦ ᠬᠥᠷᠥᠩᠭᠡ ᠶᠢᠨ ᠦᠨᠡᠮᠯᠡᠯ ᠳᠤ | ᠬᠤᠯᠪᠤᠭᠳᠠᠭᠰᠠᠨ 1065 ᠭᠡᠷᠡᠭ ᠢ ᠰᠢᠢᠳᠪᠦᠷᠢᠯᠡᠭᠡᠳ᠂ ᠤᠯᠠᠨ ᠲᠦᠮᠡᠨ ᠤ ᠰᠣᠷᠪᠤᠯᠵᠢᠯᠠᠭ᠎ᠠ ᠬᠢᠬᠦ ᠤᠳᠠᠭ᠎ᠠ | ᠲᠠᠷᠠᠭ᠎ᠠ ᠪᠠ ᠬᠥᠮᠥᠨ ᠲᠤᠭ᠎ᠠ ᠲᠤᠰᠪᠤᠷᠢ 42% ᠪᠠ 57% ᠪᠠᠷ ᠪᠠᠭᠤᠷᠠᠪᠠ᠃ ᠡᠪᠦᠯ ᠤᠨ ᠤᠯᠠᠷᠢᠯ ᠤᠨ | ᠤᠯᠢᠮᠫᠢᠺ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ ᠤᠨ ᠴᠤᠭᠯᠠᠭᠠᠨ ᠵᠢᠴᠢ | ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠨᠡᠭᠦᠷᠡᠰᠦᠨ ᠤ ᠪᠤᠰᠤ ᠠᠭᠤᠷᠬᠠᠢ᠂ ᠨᠡᠭᠦᠷᠡᠰᠦᠨ ᠬᠡᠢ᠂ ᠰᠢᠲᠠᠮᠠᠬᠠᠢ ᠬᠡᠢ᠂ | ᠪᠠᠷᠢᠯᠭ᠎ᠠ ᠶᠢᠨ ᠠᠵᠢᠯ ᠵᠡᠷᠭᠡ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠬᠡᠮ ᠰᠤᠭᠤᠭ ᠤᠨ ᠪᠠᠶᠢᠴᠠᠭᠠᠯᠳᠠ ᠪᠠ | ᠴᠡᠭᠴᠡᠯᠡᠯᠳᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠮᠰᠢᠭ ᠠᠴᠠ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠬᠢᠷᠢ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢ ᠤᠯᠠᠮ ᠴᠢᠩᠭᠠᠳᠬᠠᠭᠰᠠᠨ ᠢᠶᠠᠷ ᠂ ᠪᠥᠬᠦ ᠵᠢᠯ ᠳᠤ ᠠᠶᠤᠯᠬᠦᠢ ᠦᠢᠯᠡᠳᠪᠦᠷᠢᠯᠡᠯ ᠤᠨ ᠬᠦᠨᠳᠦ ᠶᠡᠭᠡ | ᠤᠰᠤᠯ ᠡ᠊ᠨᠳᠡᠯ ᠭᠠᠷᠤᠭᠰᠠᠨ ᠦᠭᠡᠢ᠃ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠥᠬᠦ ᠬᠡᠯᠬᠢᠶᠡᠨ ᠤ ᠬᠠᠮᠢᠶᠠᠷᠤᠯᠲᠠ ᠪᠠ ᠡᠵᠡᠮᠳᠡᠯ ᠢ ᠴᠢᠩᠭᠠᠳᠬᠠᠨ᠂ ᠠᠷᠠᠳ ᠣᠯᠠᠨ ᠤ | ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠪᠠ᠃ ᠠᠯᠪᠠᠨ ᠲᠤᠰᠢᠶᠠᠯᠲᠠᠨ ᠤ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠬᠦ | ᠠᠵᠢᠯ ᠢ ᠥᠷᠨᠢᠭᠦᠯᠵᠦ᠂ ᠲᠣᠰᠬᠤᠨ ᠪᠠᠯᠭᠠᠰᠤᠨ ᠤ ᠪᠠᠩᠬᠢ ᠨᠢ ᠦᠨᠳᠦᠷ ᠲᠦᠭᠰᠢᠭᠦᠷᠢ ᠶᠢᠨ ᠵᠢᠬᠰᠠᠭᠠᠯᠳᠠ ᠠᠴᠠ | ᠭᠠᠷᠤᠭᠰᠠᠨ ᠪᠠᠶᠢᠨ᠎ᠠ᠃ | ︵ᠠᠷᠪᠠᠨ ᠨᠢᠭᠡ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠭᠰᠠᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | 230 ᠵᠤᠷᠪᠤᠰ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠲᠤᠭᠳᠠᠭᠠᠨ᠂ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠴᠠᠭ ᠤᠨ ᠬᠢᠵᠠᠭᠠᠷ ᠢ ᠳᠤᠮᠳᠠᠴᠢ ᠪᠠᠷ 39 ᠠᠵᠢᠯ ᠤᠨ ᠡᠳᠦᠷ ᠪᠣᠯᠭᠠᠨ ᠪᠠᠭᠠᠰᠬᠠᠵᠤ᠂ ᠠᠵᠤ | ᠠᠬᠤᠶᠢᠯᠠᠯ ᠨᠡᠭᠡᠭᠡᠵᠦ ᠡᠷᠭᠢᠯᠡᠬᠦ ᠴᠠᠭ ᠢ 0.5 ᠠᠵᠢᠯ ᠤᠨ ᠡᠳᠦᠷ ᠪᠣᠯᠭᠠᠨ ᠪᠠᠭᠠᠰᠬᠠᠭᠠᠳ᠂ ᠬᠠᠮᠢᠶ᠎ᠠ ᠪᠦᠬᠦᠢ | ᠲᠥᠷᠥᠯ ᠵᠦᠢᠯ ᠢ ︽ᠢᠷᠡᠮᠡᠭᠴᠡ ᠭᠦᠢᠴᠡᠳᠬᠡᠬᠦ᠂ ᠲᠦᠷᠭᠡᠨ ᠭᠦᠢᠴᠡᠳᠬᠡᠬᠦ︾ ᠶᠢ ᠪᠡᠶᠡᠯᠡᠭᠦᠯᠵᠦ᠂ ᠪᠥᠬᠦ ᠶᠠᠪᠤᠴᠠ | ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ 93.5% ᠳᠤ ᠬᠦᠷᠴᠡᠢ᠃ ︽ᠭᠤᠷᠪᠠᠨ ᠴᠢᠬᠤᠯᠠ ᠨᠢᠭᠡ ᠶᠡᠭᠡ︾ | ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠡᠯ᠎ᠡ ᠡᠳᠡᠭᠡᠳ ᠤᠨ ᠢᠯᠡ ᠪᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ 2022 ᠣᠨ ᠳᠤ ᠠᠷᠠᠳ ᠤᠨ ᠲᠥᠯᠥᠭᠡᠯᠡᠭᠴᠢᠳ ᠤᠨ ᠪᠢᠯᠧᠲ ᠪᠠᠷ | ᠰᠢᠢᠳᠦᠭᠰᠡᠨ 5 ᠪᠣᠳᠠᠲᠤ ᠶᠠᠪᠤᠳᠠᠯ ᠢ ᠪᠦ᠋ᠦ ᠲᠠᠯᠠᠪᠠᠷ ᠨᠠᠶᠢᠳᠠᠪᠤᠷᠢᠵᠢᠭᠤᠯᠤᠭᠠᠳ᠂ 180 ᠬᠤᠪᠢ ᠠᠷᠠᠳ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ 138 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠪᠡ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ ᠰᠦᠯᠵᠢᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ | ᠢᠨᠲ᠋ᠧᠷ ᠰᠦᠯᠵᠢᠶ᠎ᠡ + ᠱᠠᠭᠠᠷᠳᠠᠨ ᠪᠠᠶᠢᠴᠠᠭᠠᠯᠲᠠ︾ ᠲᠡᠭᠡᠷ᠎ᠡ ᠦᠯᠡᠳᠡᠭᠡᠭᠰᠡᠨ 18 ᠵᠤᠷᠪᠤᠰ ︵ᠬᠤᠪᠢ︶ | ᠪᠢᠴᠢᠭᠡᠰᠦ ᠶᠢ ᠰᠢᠢᠳᠪᠦᠷᠢᠯᠡᠵᠦ᠂ ᠠᠷᠠᠳ ᠲᠤ ᠲᠥᠬᠦᠮ ᠦᠵᠡᠭᠦᠯᠬᠦ ︽12345︾ ᠤᠳᠠᠰᠤ ᠶᠢ 4602 | ᠤᠳᠠᠭ᠎ᠠ ᠲᠤᠰᠴᠤ ᠬᠠᠷᠢᠭᠤᠯᠤᠭᠠᠳ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ 96% ᠶᠢ ᠲᠠᠪᠠᠵᠠᠢ᠃ | ᠲᠥᠪ ᠤᠨ ︽ᠨᠠᠢᠮᠠᠨ ᠲᠣᠭᠲᠠᠭᠠᠯ︾ ᠪᠠ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ᠂ ᠠᠷᠪᠢᠯᠠᠨ ᠭᠠᠮᠨᠠᠬᠤ ᠵᠠᠩ | ᠰᠤᠷᠳᠠᠯ ᠢ ᠡᠷᠡᠰ ᠬᠡᠷᠡᠭᠵᠢᠭᠦᠯᠵᠦ᠂ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠩ ᠤᠯᠠᠨ | ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠡᠭᠡᠷ᠎ᠡ ᠲᠦᠪᠯᠡᠷᠡᠬᠦᠯᠦᠭᠰᠡᠨ ᠪᠠᠶᠢᠨ᠎ᠠ᠃ | ᠡᠭᠦᠨ ᠤ ᠬᠠᠮᠳᠤ᠂ ᠬᠢᠨᠠᠨ ᠪᠣᠳᠣᠯᠲᠠ᠂ ᠴᠠᠭ ᠠᠭᠤᠷ᠂ ᠲᠠᠩᠰᠠ ᠡᠪᠬᠡᠮᠡᠯ᠂ ᠲᠡᠦᠬᠡ ᠣᠶᠢᠯᠠᠯᠭ᠎ᠠ᠂ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠲᠡᠶᠢᠴᠦᠳ᠂ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ | ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠢ ᠬᠦᠷᠢᠶᠡᠯᠡᠨ | ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠤᠯᠠᠮ ᠴᠢᠩᠭᠠᠷᠠᠨ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠬᠦᠯᠵᠡᠢ᠃ ᠢᠯᠠᠩᠭᠤᠶ᠎ᠠ ᠬᠢᠵᠢᠭ ᠤᠨ | ᠪᠠᠶᠢᠳᠠᠯ ᠤᠨ ᠬᠦᠨᠳᠦ ᠬᠡᠴᠡᠭᠦᠦ ᠰᠢᠯᠭᠠᠯᠲᠠ ᠶᠢᠨ ᠡᠮᠦᠨ᠎ᠡ᠂ ᠪᠦᠬᠦ ᠬᠤᠰᠢᠭᠤᠨ ᠤ 4000 ᠭᠠᠷᠤᠢ ᠨᠠᠮ ᠤᠨ | ᠭᠡᠰᠢᠭᠦᠨ᠂ ᠺᠠᠳ᠋ᠷ᠂ ᠡᠮᠴᠢ ᠰᠤᠪᠢᠯᠠᠭᠴᠢ᠂ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠲᠤᠷ᠎ᠠ | ᠶᠢᠨ ᠦᠢᠯᠡᠴᠢᠯᠡᠭᠴᠢ ᠨᠠᠷ ᠵᠠᠷᠯᠢᠭ ᠢ ᠲᠠᠭᠠᠨ ᠲᠠᠶᠢᠨ ᠳᠤ ᠮᠤᠷᠳᠠᠵᠤ ᠂ ᠬᠠᠬᠢᠷ ᠬᠦᠢᠳᠡᠨ ᠢ ᠰᠦᠷᠦᠨ᠂ | ᠬᠠᠳᠠᠭᠤᠵᠢᠯᠳᠠᠢ ᠰᠢᠷᠭᠠᠬᠤ ᠠᠵᠢᠯᠯᠠᠵᠤ᠂ ᠵᠠᠮ ᠤᠨ ᠪᠣᠭᠤᠮᠲᠠ ᠶᠢ ᠰᠠᠬᠢᠨ᠂ ᠰᠠᠭᠤᠭᠠᠯᠢ ᠲᠣᠭᠤᠷᠢᠭ ᠲᠤ | ᠬᠦᠨᠵᠡᠬᠡᠶᠢᠷᠡᠵᠦ᠂ ᠪᠥᠭᠡᠮ ᠬᠦᠴᠢᠯ ᠤᠨ ᠪᠠᠶᠢᠴᠠᠭᠠᠯᠳᠠ ᠶᠢ ᠦᠷᠨᠢᠬᠦᠯᠦᠨ᠂ ᠡᠳ᠋ ᠪᠤᠳᠠᠰ ᠤᠨ ᠬᠠᠩᠭᠠᠯᠭ᠎ᠠ ᠶᠢ | ᠪᠠᠲᠤᠯᠠᠵᠤ᠂ ᠪᠦᠬᠦ ᠬᠤᠰᠢᠭᠤᠨ ᠤ ᠬᠢᠵᠢᠭ ᠰᠡᠷᠭᠡᠶᠢᠯᠡᠯᠳᠡ ᠶᠢᠨ ᠲᠤᠤᠷ ᠢ ᠨᠢᠬᠳᠠ ᠰᠦᠯᠵᠢᠭᠡᠳ᠂ ᠪᠦᠬᠦ | ᠠᠶᠢᠮᠠᠭ ᠤᠨ ᠬᠢᠵᠢᠭ ᠰᠡᠷᠭᠡᠶᠢᠯᠡᠯᠳᠡ ᠶᠢᠨ ᠡᠮᠦᠨ᠎ᠡ ᠬᠠᠭᠠᠯᠭ᠎ᠠ ᠶᠢ ᠪᠠᠲᠤ ᠰᠠᠬᠢᠭᠰᠠᠨ ᠤ ᠬᠠᠮᠳᠤ᠂ ᠠᠬ᠎ᠠ ᠳᠡᠭᠦᠦ | ᠬᠤᠰᠢᠭᠤ ᠰᠢᠶᠠᠨ ᠤ 11 ᠪᠦᠯᠦᠭ 2350 ᠬᠥᠮᠥᠨ ᠢ ᠰᠢᠯᠵᠢᠬᠦᠯᠦᠨ ᠲᠤᠰᠠᠭᠠᠷᠯᠠᠬᠤ ᠠᠵᠢᠯ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠬᠦᠯᠦᠭᠡᠳ ᠂ ᠡᠷᠡᠰ ᠬᠠᠲᠠᠭᠤ ᠲᠡᠮᠡᠴᠡᠯ ᠤᠨ ᠵᠣᠷᠢᠭ ᠢᠶᠠᠷ ᠬᠢᠵᠢᠭ ᠰᠡᠷᠭᠡᠶᠢᠯᠡᠬᠦ | ᠲᠠᠶᠢᠯᠠᠯᠳᠤᠭᠠᠨ ᠤ ᠠᠮᠵᠢᠯᠳᠠ ᠢᠯᠠᠯᠲᠠ ᠶᠢ ᠤᠯᠤᠭᠰᠠᠨ ᠪᠠᠶᠢᠨ᠎ᠠ᠃ ᠠᠳᠡ ᠪᠢᠳᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢᠨ ᠲᠦᠯᠦᠭᠡ ᠰᠢᠷᠭᠠᠭᠤ ᠬᠠᠲᠠᠭᠤᠵᠢᠯᠲᠠᠢ ᠵᠢᠳᠬᠦᠭᠰᠡᠨ ᠪᠦᠬᠦ ᠨᠥᠬᠦᠳ ᠲᠤ ᠴᠢᠩ | ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢ ᠭᠠᠷᠤᠭ᠎ᠠ ᠠᠪᠤᠭᠰᠠᠨ | ᠠᠩᠬᠠᠨ ᠤ ᠵᠢᠯ ᠳᠡᠭᠡᠨ ᠯᠠᠪᠳᠠᠭᠤᠨ ᠪᠠᠳᠤᠳᠠᠢ ᠤᠷᠤᠭᠰᠢᠯᠠᠵᠤ᠂ ᠦᠨᠡᠨ ᠪᠣᠳᠠᠲᠠᠢ ᠠᠵᠢᠯᠯᠠᠨ᠂ ᠠᠵᠤ ᠠᠬᠤᠢ ᠶᠢᠨ | ᠪᠠᠭᠤᠷᠠᠯᠲᠠ ᠶᠢᠨ ᠲᠠᠷᠤᠭᠠᠰᠤ ᠦᠷᠭᠦᠯᠵᠢᠯᠡᠨ ᠨᠡᠮᠡᠭᠳᠡᠵᠦ ᠪᠠᠶᠢᠭ᠎ᠠ ᠪᠠᠶᠢᠳᠠᠯ ᠳᠣᠣᠷ᠎ᠠ ᠠᠵᠤ ᠠᠬᠤᠢ ᠶᠢᠨ ᠡᠷᠬᠢᠯᠳᠦᠯ | ᠤᠨ ᠲᠣᠭᠲᠠᠭᠤᠨ ᠤ ᠲᠤᠮᠳᠠ ᠤᠷᠤᠭᠰᠢᠯᠠᠬᠤ ᠶᠢ ᠪᠠᠳᠤᠯᠠᠨ ᠂ ᠰᠠᠭᠤᠷᠢ ᠨᠢᠮᠭᠡᠨ᠂ ᠡᠭᠦᠷᠭᠡ ᠬᠦᠨᠳᠦ ᠪᠠᠶᠢᠭ᠎ᠠ | ᠪᠠᠶᠢᠳᠠᠯ ᠳᠣᠣᠷ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠰᠤᠷᠠᠯᠲᠠ ᠦᠭᠡᠢ ᠰᠢᠨ᠎ᠡ | ᠳᠠᠪᠰᠢᠯᠲᠠ ᠲᠠᠢ ᠪᠤᠯᠵᠤ᠂ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠡᠳᠦᠷ ᠢᠷᠡᠬᠦᠶ᠎ᠡ ᠤᠯᠠᠨ ᠲᠠᠯᠠᠵᠢᠭᠰᠠᠨ | ᠪᠠᠶᠢᠳᠠᠯ ᠤᠨ ᠳᠣᠣᠷ᠎ᠠ ᠬᠤᠳᠠ ᠬᠦᠳᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠳ᠋ ᠤᠨ | ᠬᠦᠴᠦᠨ ᠲᠤᠶᠢᠯ ᠤᠨ ᠪᠠᠴᠢᠮ ᠪᠠᠶᠢᠭ᠎ᠠ ᠨᠥᠬᠦᠴᠡᠯ ᠤᠨ ᠳᠣᠣᠷ᠎ᠠ ᠰᠤᠷᠭᠠᠨ ᠬᠥᠮᠦᠵᠢᠯ ᠪᠠ ᠡᠮ ᠡᠮᠨᠡᠯᠭᠡ ᠶᠢᠨ | ᠦᠢᠯᠡᠰ ᠤᠨ ᠬᠥᠭᠵᠢᠯᠲᠡ ᠶᠢ ᠴᠢᠳᠠᠯ ᠤᠨ ᠴᠢᠨᠡᠭᠡ ᠪᠠᠷ ᠲᠡᠮᠵᠢᠨ᠂ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ | ᠢᠷᠡᠬᠦᠶ᠎ᠡ ᠲᠣᠪᠣᠶᠢᠮ᠎ᠠ ᠪᠣᠯᠵᠤ ᠪᠠᠶᠢᠭ᠎ᠠ ᠪᠠᠶᠢᠳᠠᠯ ᠤᠨ ᠳᠣᠣᠷ᠎ᠠ ᠡᠯ᠎ᠡ ᠲᠦᠷᠦᠯ ᠤᠨ ᠠᠵᠢᠯ ᠦᠢᠯᠡᠰ ᠤᠨ | ᠬᠥᠭᠵᠢᠯᠲᠡ ᠶᠢ ᠪᠦᠲᠦᠮᠵᠢᠲᠡᠶ ᠪᠠᠷ ᠪᠠᠳᠤᠯᠠᠵᠤ᠂ ᠰᠢᠨ᠎ᠡ ᠬᠠᠭᠤᠴᠢᠨ ᠵᠥᠷᠢᠴᠡᠯ ᠠᠷᠪᠢᠳᠤᠭᠰᠠᠨ ᠠᠬᠤᠢ | ᠪᠠᠶᠢᠳᠠᠯ ᠤᠨ ᠳᠣᠣᠷ᠎ᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ ᠢᠷᠡᠵᠡᠢ᠃ ᠡᠲᠡᠭᠡᠷ | ᠠᠮᠵᠢᠯᠲᠠ ᠶᠢ ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠭ᠎ᠠ᠂ | ᠵᠠᠩᠭᠢᠯᠠᠭ᠎ᠠ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠠᠯᠠᠮᠵᠢᠯᠠᠯ ᠳᠡᠮᠵᠢᠯᠭᠡ ᠪᠠ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠭ᠎ᠠ᠂ ᠡᠨᠡ ᠪᠤᠯ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠪᠦᠲᠦᠮᠵᠢᠲᠡᠶ ᠬᠢᠨᠠᠯᠲᠠ ᠪᠠ ᠬᠦᠴᠦᠲᠡᠢ ᠳᠡᠮᠵᠢᠯᠭᠡ ᠠᠴᠠ ᠢᠷᠡᠭᠰᠡᠨ ᠦᠷ᠎ᠡ ᠠᠮᠵᠢᠯᠳᠠ ᠪᠠᠶᠢᠵᠤ᠂ ᠪᠥᠬᠦ | ᠬᠤᠰᠢᠭᠤᠨ ᠤ ᠺᠠᠳ᠋ᠷ ᠣᠯᠠᠨ ᠲᠦᠮᠡᠨ ᠤ ᠣᠶᠤᠨ ᠤᠬᠠᠭᠠᠨ ᠪᠠ ᠬᠦᠴᠦ ᠬᠥᠯᠥᠰᠦ ᠶᠢ ᠨᠢᠭᠲᠠᠷᠠᠭᠤᠯᠤᠭᠰᠠᠨ ᠶᠤᠮ᠃ | ᠠᠳᠡ ᠪᠢ ᠬᠤᠰᠢᠭᠤ ᠵᠠᠰᠠᠭ ᠤᠨ ᠣᠷᠳᠣᠨ ᠢ ᠲᠦᠯᠦᠭᠡᠯᠡᠨ ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ᠂ | ᠵᠠᠰᠠᠭ ᠤᠨ ᠣᠷᠳᠣᠨ ᠤ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠂ ᠠᠷᠠᠳ ᠤᠨ ᠪᠦᠯᠬᠦᠮ | ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ᠂ ᠪᠦᠭᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠨᠠᠶᠢᠵᠠ ᠨᠥᠬᠦᠳ ᠨᠢᠬᠡᠪᠦᠷᠢ ᠳᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠵᠡᠷᠭᠡ ᠳᠤ᠂ ᠪᠢᠳᠡ ᠪᠠᠰᠠ ᠵᠦᠷᠢᠶ᠎ᠡ ᠲᠤᠳᠠᠭᠳᠠᠯ ᠢᠶᠠᠨ ᠰᠡᠷᠭᠡᠭ ᠢᠶᠠᠷ | ᠤᠯᠵᠤ ᠲᠠᠨᠢᠭᠤᠰᠢᠳᠠᠢ᠃ ᠲᠤᠬᠠᠶᠢᠯᠠᠪᠠᠯ᠂ ᠲᠥᠷᠥᠯ ᠵᠦᠢᠯ ᠤᠨ ᠨᠥᠭᠡᠴᠡ ᠢᠯᠡᠳᠲᠡ ᠬᠦᠷᠦᠯᠴᠡᠬᠦ ᠦᠭᠡᠢ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠦᠷᠬᠦᠯᠵᠢᠯᠡᠨ ᠬᠦᠴᠦ ᠣᠷᠣᠭᠤᠯᠬᠤ ᠴᠢᠬᠤᠯᠠᠲᠠᠢ ᠪᠠᠶᠢᠵᠤ | ᠂ ᠨᠡᠶᠢᠭᠡᠮ ᠤᠨ ᠪᠡᠯᠡ ᠣᠷᠣᠭᠤᠯᠤᠯᠲᠠ ᠬᠤᠴᠤᠷᠤᠩᠭᠤᠢ᠂ ᠠᠵᠤ ᠠᠬᠤᠢ ᠶᠢᠨ ᠪᠠᠭᠤᠷᠠᠯᠳᠠ ᠶᠢᠨ ᠲᠠᠷᠤᠭᠠᠰᠤ ᠪᠠᠰᠠ | ᠲᠤᠶᠢᠯ ᠤᠨ ᠬᠦᠨᠳᠦ ᠪᠠᠶᠢᠭ᠎ᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠡᠯᠢᠶᠡᠳ ᠪᠠᠭ᠎ᠠ᠂ ᠠᠵᠤ ᠦᠢᠯᠡᠰ ᠤᠨ | ᠰᠠᠭᠤᠷᠢ ᠨᠢᠮᠭᠡᠨ ᠪᠠᠶᠢᠳᠠᠭ ᠪᠣᠳᠠᠲᠤ ᠪᠠᠶᠢᠳᠠᠯ ᠬᠤᠪᠢᠷᠠᠭ᠎ᠠ ᠦᠭᠡᠢ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ | ᠲᠠᠯᠳᠠ ᠬᠦᠴᠦᠨ ᠬᠢᠵᠠᠭᠠᠷ ᠲᠠᠢ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ | ᠨᠡᠶᠢᠭᠡᠮ ᠤᠨ ᠦᠢᠯᠡᠰ ᠪᠠ ᠨᠡᠶᠢᠭᠡᠮ ᠤᠨ ᠪᠠᠳᠤᠯᠠᠭᠠᠨ ᠤ ᠵᠠᠶᠢᠯᠠᠰᠢ ᠦᠭᠡᠢ ᠵᠠᠷᠤᠯᠭ᠎ᠠ ᠲᠠᠰᠤᠷᠠᠯᠳᠠ ᠦᠭᠡᠢ ᠨᠡᠮᠡᠭᠳᠡᠨ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠭ᠎ᠠ᠃ ᠡᠲᠡᠭᠡᠷ | ᠬᠦᠴᠢᠷᠳᠡᠯ ᠪᠠ ᠠᠰᠠᠭᠤᠳᠠᠯ ᠢ ᠪᠢᠳᠡ ᠡᠷᠴᠢᠮᠳᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ | ᠭᠡᠷᠡᠭᠳᠡᠢ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠦᠰᠡᠷᠳᠡᠬᠦᠯᠵᠦ | ᠪᠤᠯᠬᠤ ᠦᠭᠡᠢ︕ | ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠤᠯᠳᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠡᠬᠢᠯᠡᠯᠲᠡ ᠶᠢᠨ ᠵᠢᠯ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠦᠬᠦ | ᠲᠠᠯ᠎ᠠ ᠪᠠᠷ ᠭᠡᠷᠡᠭᠵᠢᠬᠦᠯᠦᠨ ᠤᠷᠢᠳᠤᠬᠢ ᠶᠢ ᠵᠠᠯᠭᠠᠮᠵᠢᠯᠠᠵᠤ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ | ᠃ ᠡᠨᠡ ᠵᠢᠯ ᠤᠨ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ | ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ | ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ | ᠳᠠᠭᠠᠭᠠᠯᠭᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠲᠣᠭᠲᠠᠭᠤᠨ ᠤ ᠲᠤᠮᠳᠠ ᠤᠷᠤᠭᠰᠢᠯᠠᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠪᠠᠲᠤ ᠡᠵᠡᠮᠳᠡᠵᠦ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ | ᠨᠢᠭᠡᠳᠦᠯᠲᠡᠢ ᠲᠦᠯᠦᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠴᠢᠨᠠᠭᠰᠢᠳᠠ ᠰᠢᠯᠢᠳᠡᠭᠵᠢᠬᠦᠯᠦᠨ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠠᠶᠢᠭᠤᠯᠤᠯᠲᠠ ᠶᠢ ᠴᠢᠩᠭ᠎ᠠ ᠠᠳᠬᠤᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠠᠷᠠᠯᠵᠢᠶ᠎ᠠ | ᠵᠢᠭᠤᠯᠴᠢᠯᠠᠯ ᠤᠨ ᠠᠭᠤᠰᠤᠯᠴᠠᠯ ᠢ ᠶᠡᠬᠡᠪᠡᠷ ᠠᠬᠢᠭᠤᠯᠤᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠨᠡᠶᠢᠭᠡᠮ ᠤᠨ ᠲᠣᠭᠲᠠᠭᠤᠨ ᠪᠠ ᠠᠶᠤᠯᠬᠦᠢ ᠦᠢᠯᠡᠳᠪᠦᠷᠢᠯᠡᠯ ᠢ ᠦᠨᠡᠨᠬᠦ ᠰᠠᠶᠢᠨ ᠠᠳᠬᠤᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠳᠤ ᠬᠡᠮᠵᠢᠶ᠎ᠡ ᠶᠢ ᠵᠣᠬᠢᠰᠲᠠᠢ | ᠨᠡᠮᠡᠭᠳᠡᠬᠦᠯᠦᠨ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ᠂ | ᠵᠣᠯ ᠵᠢᠷᠭᠠᠯ ᠲᠠᠢ ᠲᠠᠶᠢᠹᠤᠰᠧ ᠬᠤᠰᠢᠭᠤ ᠶᠢ ᠪᠠᠶᠢᠭᠤᠯᠬᠤ ᠪᠠᠷ ᠴᠢᠷᠮᠠᠶᠢᠨ᠎ᠠ᠃ | ᠭᠤᠣᠯ ᠪᠤᠯᠬᠤ ᠵᠢᠱᠢᠭᠰᠡᠨ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6 % ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 10.5% ᠪᠠᠷ ᠨᠡᠮᠡᠭᠳᠡᠬᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ | ᠬᠡᠮᠵᠢᠶ᠎ᠡ ᠶᠢ 5.5% ᠪᠠᠷ ᠨᠡᠮᠡᠭᠳᠡᠭᠦᠯᠵᠦ᠂ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠢ 5 % ᠪᠠᠷ | ᠨᠡᠮᠡᠭᠳᠡᠬᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ | ᠲᠤᠰᠪᠤᠷᠢ 4 % ᠪᠠ 9 % ᠪᠠᠷ ᠨᠡᠮᠡᠭᠳᠡᠭᠦᠯᠵᠦ᠂ ᠡᠯ᠎ᠡ ᠲᠦᠷᠦᠯ ᠤᠨ ᠡᠵᠡᠮᠳᠡᠯ ᠤᠨ ᠴᠢᠨᠠᠷᠲᠠᠢ ᠭᠦᠢᠴᠡᠳᠬᠡᠬᠦ | ᠲᠤᠭ᠎ᠠ ᠶᠢ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠ ᠶᠢᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠡᠭᠦᠷᠭᠡ ᠬᠠᠷᠠᠯᠲᠠ ᠶᠢᠨ ᠲᠣᠭᠤᠷᠢᠨ ᠳᠤ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠨ ᠠᠳᠬᠤᠬᠤ ᠭᠡᠷᠡᠭᠳᠡᠢ᠄ | ︵ᠨᠢᠭᠡ︶ ᠠᠵᠤ ᠦᠢᠯᠡᠰ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠪᠠᠳᠤᠯᠠᠬᠤ ᠭᠡᠷᠡᠭᠳᠡᠢ᠃ ᠲᠥᠷᠥᠯ ᠵᠦᠢᠯ ᠤᠨ ᠲᠣᠬᠢᠷᠠᠭᠤᠯᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠢᠯ ᠤᠨ ᠥᠮᠴᠢᠲᠡᠨ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠰᠧᠨ ᠴᠢᠶᠠ ᠠᠮᠢᠳᠤ ᠪᠣᠳᠠᠰ ᠤᠨ ᠮᠠᠰ ᠤᠨ ᠬᠠᠲᠠᠭᠤ ᠲᠥᠯᠥᠪᠲᠦ ᠲᠦᠯᠡᠰᠢ ᠵᠢᠴᠢ ᠢᠵᠢ | ᠪᠦᠷᠢᠳᠦᠭᠦᠯᠬᠦ ᠪᠣᠷᠳᠤᠭ᠎ᠠ ᠡᠳ᠋ᠰᠢᠭᠦᠯᠬᠦ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ᠂ ᠵᠦᠩ ᠺᠧ ᠰᠠᠨ | ᠵᠧᠩ ᠭᠠᠯ ᠤᠨᠲᠠᠷᠠᠭᠠᠬᠤ ᠲᠥᠬᠦᠭᠡᠷᠦᠮᠵᠢ ᠦᠶᠯᠡᠳᠬᠦ᠂ ᠱᠧᠨ ᠨᠧᠩ ᠤᠨ ᠬᠤᠶᠠᠳᠤᠭᠠᠷ ᠬᠤᠭᠤᠴᠠᠭ᠎ᠠ ᠵᠡᠷᠭᠡ | ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠣᠭᠤᠯᠵᠤ᠂ | ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | ᠳᠡᠭᠡᠷ᠎ᠡ ᠬᠠᠭᠠᠰ ᠵᠢᠯ ᠳᠤ ᠲᠠᠭᠤᠰᠬᠠᠨ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠣᠭᠲᠠᠭᠰᠠᠨ | ᠬᠤᠭᠤᠴᠠᠭᠠᠨ ᠳᠤ ᠡᠬᠢᠯᠡᠭᠦᠯᠵᠦ᠂ ᠴᠢᠩᠳᠣᠣ ᠶᠢᠨ ᠶᠤᠸᠠᠢ ᠱᠢ᠂ ᠱᠠᠨᠳᠦ᠋ᠩ ᠤᠨ ᠵᠢᠶᠦ᠋ᠨ ᠷᠦᠢ ᠵᠡᠷᠭᠡ ᠠᠵᠤ | ᠠᠬᠤᠶᠢᠯᠠᠯ ᠤᠨ ᠬᠦᠷᠢᠶᠡᠯᠡᠩ ᠳᠤ ᠣᠷᠣᠬᠤ ᠶᠢ ᠢᠳᠡᠪᠬᠢᠲᠡᠢ ᠠᠬᠢᠭᠤᠯᠤᠨ᠎ᠠ᠃ ᠶᠢᠨ ᠹᠧᠩ ᠰᠢᠨᠵᠢᠯᠡᠭᠡ ᠮᠡᠷᠭᠡᠵᠢᠯ ᠤᠨ | ᠪᠣᠬᠢᠷᠳᠤᠯ ᠦᠭᠡᠢ ᠴᠠᠬᠢᠯᠭᠠᠨ ᠤ ᠬᠦᠷᠢᠶᠡᠯᠡᠩ ᠤᠨ ᠲᠥᠷᠥᠯ ᠵᠦᠢᠯ ᠢ 4 ᠰᠠᠷ᠎ᠠ ᠳᠤ ᠠᠵᠢᠯ ᠡᠬᠢᠯᠡᠬᠦᠯᠵᠦ ᠲᠣᠰ | ᠵᠢᠯ ᠳᠡᠭᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠺᠠᠢ ᠳ᠋ᠠ ᠲᠥᠮᠥᠰᠥᠨ ᠤ ᠠᠵᠤ ᠦᠢᠯᠡᠰ ᠤᠨ | ᠬᠡᠯᠬᠢᠶᠡᠨ ᠤ ᠨᠠᠷᠢᠯᠢᠭ ᠨᠠᠷᠢᠯᠢᠭ ᠡᠳ᠋ᠰᠢᠭᠦᠯᠬᠦ ᠲᠥᠷᠥᠯ ᠵᠦᠢᠯ᠂ ᠾᠧᠪᠧᠢ ᠶᠢᠨ ᠯᠠᠨ ᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠮ ᠡᠳ᠋ᠰᠢᠭᠦᠯᠬᠦ ᠲᠥᠷᠥᠯ ᠵᠦᠢᠯ ᠪᠠ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ | ᠤᠨ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠬᠦ ᠶᠢ ᠪᠥᠬᠦ ᠬᠦᠴᠦᠨ ᠢᠶᠠᠷ ᠪᠠᠲᠤᠯᠠᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠡᠢ᠃ ᠠᠷᠠᠯᠵᠢᠶᠠᠴᠢᠨ ᠤᠷᠢᠵᠤ | ᠪᠡᠯᠡ ᠤᠷᠤᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠦᠭᠡᠢ ᠪᠣᠯ ᠲᠠᠶᠢᠹᠤᠰᠧ ᠬᠤᠰᠢᠭᠤᠨ ᠳᠤ ᠭᠠᠷᠬᠤ ᠵᠠᠮ | ᠦᠭᠡᠢ᠂ ᠲᠦᠷᠦᠯ ᠵᠦᠢᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠦᠭᠡᠢ ᠪᠣᠯ ᠲᠠᠶᠢᠹᠤᠰᠧ ᠬᠤᠰᠢᠭᠤᠨ ᠳᠤ | ᠠᠮᠢᠳᠤᠷᠠᠬᠤ ᠵᠠᠮ ᠦᠭᠡᠢ ᠪᠣᠯᠣᠨ᠎ᠠ᠃ ᠡᠶᠢᠮᠦ ᠠᠴᠠ ᠡᠷᠭᠡᠪᠰᠢ ᠬᠠᠯᠠ ᠦᠵᠡᠵᠦ ᠬᠠᠯᠠᠭᠤᠨ ᠴᠢᠯᠠᠭᠤ ᠳᠣᠯᠢᠶᠠᠬᠤ | ᠰᠥᠰᠥ ᠵᠣᠷᠢᠭ ᠢ ᠡᠪᠦᠷᠯᠡᠨ᠂ ︽ᠡᠨᠡ ᠵᠢᠯ ᠤᠨ ᠬᠢ ᠪᠠᠨ ᠪᠡᠶᠡᠯᠡᠬᠦᠯᠵᠦ᠂ ᠢᠷᠡᠬᠦ ᠵᠢᠯ ᠤᠨ ᠬᠢ ᠪᠠᠨ ᠪᠡᠯᠡᠳᠬᠡᠵᠦ᠂ | ᠭᠤᠷᠪᠠᠨ ᠵᠢᠯ ᠢ ᠪᠠᠷᠠᠯᠠᠵᠤ᠂ ᠲᠠᠪᠤᠨ ᠵᠢᠯ ᠢ ᠪᠣᠳᠣᠯᠬᠢᠯᠠᠬᠤ︾ ᠰᠡᠳᠬᠢᠴᠡ ᠪᠠᠷ᠂ ᠨᠢᠭᠡ ᠪᠦᠯᠦᠭ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠢᠯᠢᠭ ᠪᠣᠯᠪᠠᠰᠤᠷᠠᠭᠤᠯᠤᠯᠲᠠ᠂ ᠬᠡᠳᠦ ᠬᠠᠲᠠᠭᠤ ᠮᠠᠲ᠋ᠧᠷᠢᠶᠠᠯ ᠤᠨ | ᠠᠵᠤ ᠦᠢᠯᠡᠰ ᠤᠨ ᠬᠡᠯᠬᠢᠶ᠎ᠡ᠂ ᠰᠢᠨ᠎ᠡ ᠡᠨᠧᠷᠭᠢ ᠶᠢᠨ ᠲᠣᠨᠣᠭᠯᠠᠯ ᠤᠭᠰᠠᠷᠠᠬᠤ᠂ ᠰᠢᠨ᠎ᠡ ᠮᠠᠲ᠋ᠧᠷᠢᠶᠠᠯ ᠦᠢᠯᠡᠳᠬᠦ | ᠵᠡᠷᠭᠡ ᠲᠠᠯ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠭᠦᠨᠵᠡᠭᠡᠢ ᠲᠥᠯᠥᠪᠯᠡᠵᠦ᠂ ᠨᠢᠭᠡ ᠪᠦᠯᠦᠭ ᠰᠠᠭᠤᠷᠢ ᠲᠠᠢ᠂ | ᠳᠠᠯᠳᠠ ᠬᠦᠴᠦᠨ ᠲᠠᠢ᠂ ᠨᠤᠳᠤᠭᠰᠢᠵᠤ ᠳᠡᠶᠢᠯᠬᠦ ᠠᠵᠤ ᠦᠢᠯᠡᠰ ᠤᠨ ᠲᠦᠷᠦᠯ ᠵᠦᠢᠯ ᠢ ᠣᠷᠣᠭᠤᠯᠤᠨ ᠠᠪᠴᠢᠷᠠᠬᠤ | ᠬᠡᠷᠡᠭᠲᠡᠢ᠃ ᠵᠢᠯ ᠤᠨ ᠳᠣᠲᠣᠷ᠎ᠠ 9 ᠠᠴᠠ ᠳᠡᠭᠡᠭᠰᠢ ᠭᠤᠣᠯᠳᠠᠯᠭ᠎ᠠ ᠲᠠᠢ ᠲᠥᠷᠥᠯ ᠵᠦᠢᠯ ᠢ ᠭᠡᠷ᠎ᠡ ᠲᠣᠭᠲᠠᠨ | ᠨᠤᠳᠤᠭᠰᠢᠭᠤᠯᠵᠤ ᠂ 15 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠬᠦ ᠭᠡᠷᠡᠭᠳᠡᠢ᠃ ᠭᠤᠤᠯ ᠬᠦᠴᠦᠨ | ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠲᠥᠪᠯᠡᠷᠡᠭᠦᠯᠦᠨ ᠲᠤᠰᠢᠶᠠᠵᠤ ᠬᠦᠢᠴᠡᠳᠯᠭᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠵᠦ᠂ ︽ᠲᠠᠪᠤᠨ ᠦᠭᠡᠢ︾ ᠭᠠᠵᠠᠷ ᠰᠢᠷᠣᠢ ᠶᠢ ᠴᠡᠪᠡᠷᠯᠡᠬᠦ | ᠪᠠᠨ ᠲᠦᠷᠭᠡᠳᠬᠡᠨ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠴᠢᠩᠭᠠᠳᠬᠠᠵᠤ᠂ | ᠴᠢᠬᠤᠯᠠ ᠶᠡᠭᠡ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠠᠲᠤᠯᠠᠨ᠎ᠠ᠃ ᠲᠥᠷᠥᠯ ᠵᠦᠢᠯ ᠤᠨ | ᠪᠠᠶᠢᠭᠤᠯᠤᠯᠲᠠ ᠶᠢᠨ ︽ᠲᠠᠪᠤᠨ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ | ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠰᠢᠯᠭᠠᠨ ᠠᠪᠬᠤ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠲᠥᠷᠥᠯ ᠵᠦᠢᠯ ᠤᠨ ᠬᠠᠮᠢᠶᠠᠷᠤᠯᠲᠠ ᠡᠮᠬᠢ | ᠵᠢᠷᠤᠮ ᠲᠠᠢ᠂ ᠦᠢᠯᠡᠴᠢᠯᠡᠭᠡᠨ ᠤ ᠪᠠᠲᠤᠯᠠᠭ᠎ᠠ ᠡᠷᠴᠢ ᠬᠦᠴᠦᠲᠡᠢ ᠪᠠᠶᠢᠬᠤ ᠶᠢ ᠦᠨᠡᠨᠬᠦ ᠪᠠᠲᠤᠯᠠᠨ᠎ᠠ᠃ ᠠᠵᠤ | ᠠᠬᠤᠶᠢᠯᠠᠯ ᠢ ᠲᠡᠳᠬᠦᠨ ᠪᠣᠶᠢᠵᠢᠭᠤᠯᠬᠤ ᠪᠠᠨ ᠴᠢᠩᠭᠠᠳᠬᠠᠬᠤ ᠭᠡᠷᠡᠭᠳᠡᠢ᠃ ᠠᠵᠤ ᠠᠬᠤᠶᠢᠯᠠᠯ ᠳᠤ ᠠᠰᠢᠭ | ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠠᠵᠤ ᠠᠬᠤᠶᠢᠯᠠᠯ ᠢ ᠪᠠᠶᠢᠴᠠᠭᠠᠨ ᠰᠤᠷᠪᠤᠯᠵᠢᠯᠠᠵᠤ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠦᠷᠨᠢᠬᠦᠯᠦᠨ᠂ | ᠭᠠᠶᠢᠯᠢ ᠶᠢ ᠬᠥᠩᠭᠡᠯᠡᠬᠦ᠂ ᠭᠠᠶᠢᠯᠢ ᠶᠢ ᠬᠤᠶᠢᠰᠢᠯᠠᠭᠤᠯᠬᠤ᠂ ᠭᠠᠶᠢᠯᠢ ᠶᠢ ᠪᠤᠴᠠᠭᠠᠬᠤ ᠵᠡᠷᠭᠡ ᠠᠵᠢᠯ ᠢ ᠦᠷᠭᠦᠯᠵᠢᠯᠡᠨ | ᠠᠬᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ︽ᠬᠤᠪᠢ ᠶᠢᠨ ᠡᠵᠡᠩᠨᠡᠭᠴᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠪᠠᠭ᠎ᠠ | ᠵᠢᠵᠢᠭ ᠠᠵᠤ ᠠᠬᠤᠶᠢᠯᠠᠯ ᠢ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠪᠤᠯᠭᠠᠨ ᠲᠡᠰ ᠳᠡᠪᠰᠢᠭᠦᠯᠬᠦ︾ ᠶᠢ | ᠰᠠᠶᠢᠲᠤᠷ ᠠᠳᠬᠤᠵᠤ᠂ ᠨᠢᠭᠡ ᠪᠦᠯᠦᠭ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠥᠭᠵᠢᠭᠰᠡᠨ | ᠠᠵᠤ ᠦᠢᠯᠡᠰ ᠢ ᠭᠤᠣᠯᠳᠠᠯᠭ᠎ᠠ ᠲᠠᠢ ᠲᠡᠳᠬᠦᠨ ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ 1 ᠡᠷᠦᠭᠡ᠂ ᠭᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ 2 ᠡᠷᠦᠭᠡ ᠶᠢ ᠪᠤᠶᠢᠵᠢᠭᠤᠯᠵᠤ᠂ ᠠᠵᠤ | ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢ ᠡᠷᠡᠰ | ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠬᠦ ᠭᠡᠷᠡᠭᠳᠡᠢ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠪᠰᠤᠷᠤᠯᠭ᠎ᠠ ᠪᠠ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠭᠤᠷᠪᠠᠳᠠᠭᠢ | ᠡᠲᠡᠭᠡᠳ ᠤᠨ ᠦᠨᠡᠯᠡᠨ ᠵᠢᠱᠢᠬᠦ ᠠᠵᠢᠯ ᠤᠨ ᠲᠤᠮᠳᠠ ᠠᠴᠠ ᠲᠤᠷᠰᠢᠯᠭ᠎ᠠ ᠶᠢ ᠳ᠋ᠦᠩᠨᠡᠨ᠂ ᠭᠠᠴᠠᠭ᠎ᠠ ᠲᠣᠰᠬᠤᠨ ᠳᠤ | ᠰᠠᠭᠤᠭ᠎ᠠ ᠺᠠᠳ᠋ᠷᠴᠤᠳ ᠢ ᠰᠢᠯᠢᠳᠡᠭᠵᠢᠭᠦᠯᠦᠨ ᠲᠣᠬᠢᠷᠠᠭᠤᠯᠵᠤ᠂ ᠠᠵᠢᠯᠯᠠᠬᠤ ᠠᠩᠭᠢ ᠶᠢ ᠦᠨᠡᠨ ᠬᠦ ᠭᠠᠴᠠᠭ᠎ᠠ | ᠲᠣᠰᠬᠤᠨ ᠳᠤ ᠬᠦᠨᠵᠡᠬᠡᠶᠢᠷᠡᠬᠦᠯᠦᠨ᠂ ᠦᠢᠯᠡᠳᠪᠦᠷᠢᠯᠡᠯ ᠢ ᠬᠦᠭᠵᠢᠬᠦᠯᠬᠦ ︽ ᠬᠠᠪᠰᠤᠷᠤᠭᠴᠢ︾ ᠪᠦᠬᠡᠳ ᠵᠠᠩ | ᠳᠠᠳᠬᠠᠯ ᠢ ᠦᠬᠡᠷᠡᠴᠢᠯᠡᠬᠦ ︽ ᠵᠢᠯᠤᠭᠤᠳᠤᠭᠴᠢ︾ ᠪᠤᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠬᠥᠳᠡᠯᠦᠩᠭᠦᠢ ᠪᠠᠷ ᠰᠠᠶᠢᠲᠤᠷ ᠰᠢᠢᠳᠪᠦᠷᠢᠯᠡᠵᠦ᠂ ᠴᠡᠪᠡᠷ | ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠬᠤᠪᠢ ᠬᠤᠷᠠᠮᠳᠤᠭᠤᠯᠬᠤ | ᠳᠦᠷᠢᠮ︾ ︽ᠨᠠᠷᠢᠨ ᠲᠠᠩᠰᠠ ᠶᠢᠨ ᠳᠦᠷᠢᠮ︾ ᠤᠨ ᠵᠠᠰᠠᠯᠳᠠ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ | ︽ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ︾᠂ ︽ᠰᠦᠯᠢᠶᠤᠤ ᠪᠦᠷᠬᠦᠪᠴᠢ ᠶᠢ ᠴᠡᠪᠡᠷᠯᠡᠬᠦ︾᠂ | ︽ᠮᠠᠯ ᠵᠢᠭᠦᠷᠲᠡᠨ ᠤ ᠢᠯᠭᠠᠳᠠᠰᠤ ᠶᠢ ᠲᠠᠷᠢᠶᠠᠨ ᠭᠠᠵᠠᠷ ᠲᠤᠨᠢ ᠭᠡᠷᠡᠭᠯᠡᠬᠦ︾ ᠪᠠᠷ ᠭᠤᠣᠯ ᠠᠭᠤᠯᠭ᠎ᠠ ᠪᠣᠯᠭᠠᠭᠰᠠᠨ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠶᠡᠬᠡᠪᠡᠷ | ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ | ᠴᠡᠭᠴᠡᠯᠡᠬᠦ ᠵᠡᠷᠭᠡ ᠢᠨᠵᠧᠨᠧᠷᠢᠩ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠤᠯᠠᠨ | ᠲᠠᠯᠠᠵᠢᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠂ ᠴᠡᠪᠡᠷᠯᠡᠭᠡ ᠶᠢᠨ ᠠᠵᠢᠯᠳᠠᠨ ᠵᠡᠷᠭᠡ ᠨᠡᠶᠢᠳᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠬᠦᠳᠡᠭᠡ ᠲᠤᠰᠬᠤᠨ ᠤ ᠣᠷᠴᠢᠨ | ᠲᠣᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠤᠨ᠎ᠠ᠃ ᠣᠷᠣᠨ ᠤ ᠲᠠᠰ ᠤᠨ ᠮᠠᠯ ᠠᠵᠤ ᠠᠬᠤᠢ ᠶᠢᠨ | ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ ᠲᠤᠰᠬᠤᠨ 19᠂ ᠠᠶᠢᠮᠠᠭ ᠤᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 10᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠭᠤᠣᠯᠳᠠᠯᠭ᠎ᠠ ᠲᠠᠢ ᠭᠠᠴᠠᠭ᠎ᠠ ᠲᠣᠰᠬᠤᠨ 8᠂ | ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5 | ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠠᠵᠤ ᠦᠢᠯᠡᠰ ᠤᠨ | ᠬᠥᠭᠵᠢᠯᠲᠡ ᠶᠢᠨ ᠠᠯᠬᠤᠭ᠎ᠠ ᠶᠢ ᠪᠥᠬᠦ ᠬᠦᠴᠦᠨ ᠢᠶᠠᠷ ᠲᠦᠷᠭᠡᠳᠭᠡᠬᠦ ᠭᠡᠷᠡᠭᠳᠡᠢ ᠃ ︽ᠲᠣᠮᠣ ᠰᠠᠭᠤᠷᠢᠨ ᠭᠠᠵᠠᠷ︾ | ᠤᠨ ᠪᠠᠶᠢᠭᠤᠯᠤᠯᠲᠠ ᠶᠢ ᠠᠬᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠯ ᠳᠤ ᠲᠦᠰᠢᠭᠯᠡᠨ᠂ | ᠪᠡᠯᠡ ᠮᠥᠩᠭᠦ ᠶᠢᠨ ᠨᠥᠬᠦᠪᠦᠷᠢ᠂ ᠮᠡᠷᠭᠡᠵᠢᠯ ᠤᠨ ᠵᠢᠯᠣᠭᠤᠳᠤᠯᠭ᠎ᠠ᠂ ᠵᠠᠬᠢᠶᠠᠯᠠᠭ᠎ᠠ ᠶᠢᠨ ᠪᠣᠷᠤᠯᠠᠭᠤᠯᠭ᠎ᠠ ᠵᠡᠷᠭᠡ | ᠬᠡᠯᠪᠡᠷᠢ ᠪᠠᠷ ᠲᠠᠮᠵᠢᠭᠠᠳ᠂ ᠲᠥᠮᠥᠰᠥ᠂ ᠰᠢᠬᠢᠷ ᠯᠤᠤᠪᠠᠩ᠂ ᠲᠣᠰᠣᠯᠢᠭ ᠲᠠᠷᠢᠮᠠᠯ ᠵᠡᠷᠭᠡ ᠳᠠᠪᠠᠭᠤᠯᠢᠭ ᠣᠨᠴᠠᠯᠢᠭᠲᠤ | ᠲᠠᠷᠢᠮᠠᠯ ᠤᠨ ᠲᠠᠯᠠᠪᠠᠢ ᠶᠢ ᠲᠣᠭᠲᠠᠭᠤᠨ ᠢᠶᠠᠷ ᠥᠷᠭᠡᠳᠬᠡᠵᠦ᠂ ᠲᠥᠮᠥᠰᠥ᠂ ᠰᠢᠬᠢᠷ ᠯᠤᠤᠪᠠᠩ᠂ ᠮᠠᠭᠠᠵᠢ ᠵᠡᠷᠭᠡ | ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠲᠤᠰᠪᠤᠷᠢ 1 ᠶᠢ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 2 ᠲᠦᠮᠡᠨ ᠮᠤ᠋ ᠶᠢ | ᠰᠢᠨ᠎ᠡ ᠪᠠᠷ ᠪᠠᠶᠢᠭᠤᠯᠵᠤ᠂ ᠤᠯᠤᠰ ᠤᠨ ᠲᠣᠭᠠᠵᠢᠭᠤᠯᠤᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠭᠦᠯᠦᠨ ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ ᠤᠳᠤ | ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠤᠯᠤᠰ ᠤᠨ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠬᠤ ᠪᠠᠷ ᠴᠢᠷᠮᠠᠶᠢᠨ᠎ᠠ ᠃ ᠴᠢᠨᠠᠷ ᠰᠠᠶᠢᠲᠠᠢ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠠᠶᠢᠨ ᠡᠭᠦᠯᠳᠡᠷ ᠤᠨ ᠮᠢᠬᠠᠨ ᠤ | ᠦᠬᠡᠷ ᠤᠷᠤᠭᠤᠯᠬᠤ ᠡᠷᠴᠢᠮ ᠢ ᠴᠢᠩᠭᠠᠷᠠᠭᠤᠯᠤᠨ᠂ 2000 ᠲᠤᠯᠤᠭᠠᠢ ᠮᠢᠬᠠᠨ ᠤ ᠦᠬᠡᠷ ᠬᠡᠪᠴᠢᠶᠡᠵᠢᠭᠦᠯᠦᠨ | ᠪᠤᠷᠳᠤᠬᠤ ᠮᠠᠯᠵᠢᠯ ᠤᠨ ᠲᠠᠯᠠᠪᠠᠶ ᠶᠢ ᠡᠵᠡᠩᠨᠡᠯᠲᠡ ᠳᠤ ᠣᠷᠣᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ | ᠭᠤᠤᠯᠯᠠᠭᠴᠢ ᠰᠦᠷᠦᠭ 3᠂ ᠵᠠᠭᠤᠨ ᠦᠬᠡᠷ ᠠᠴᠠ ᠳᠡᠭᠡᠭᠰᠢ ᠬᠡᠪᠴᠢᠶᠡᠵᠢᠭᠦᠯᠦᠨ ᠪᠤᠷᠳᠤᠬᠤ ᠮᠠᠯᠵᠢᠯ ᠤᠨ | ᠲᠠᠯᠠᠪᠠᠶ 20 ᠶᠢ ᠪᠠᠶᠢᠭᠤᠯᠤᠨ ᠂ 18 ᠭᠠᠵᠠᠷ ᠲᠤ ᠬᠠᠰᠢᠶᠠᠯᠠᠨ ᠲᠡᠵᠢᠭᠡᠬᠦ ᠠᠷᠭ᠎ᠠ ᠶᠢ ᠭᠡᠷᠡᠭᠵᠢᠬᠦᠯᠵᠦ ᠂ ᠮᠠᠯ | ᠤᠨ ᠫᠧᠩ 1.4 ᠲᠦᠮᠡᠨ ᠬᠠᠪᠳᠠᠭᠠᠢ ᠳᠥᠷᠪᠡᠯᠵᠢᠨ ᠮᠧᠲᠷ ᠂ ᠡᠪᠡᠰᠦᠨ ᠤ ᠫᠧᠩ 2 ᠲᠦᠮᠡᠨ ᠬᠠᠪᠳᠠᠭᠠᠢ | ᠳᠥᠷᠪᠡᠯᠵᠢᠨ ᠮᠧᠲᠷ᠂ ᠨᠣᠭᠤᠭᠠᠨ ᠲᠠᠷᠤᠰᠢ ᠶᠢᠨ ᠵᠣᠭᠤᠷᠢ 5000 ᠪᠣᠰᠤᠭ᠎ᠠ ᠳᠥᠷᠪᠡᠯᠵᠢᠨ ᠮᠧᠲᠷ ᠢ | ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠠᠮᠢᠶᠠᠷᠤᠯᠲᠠ | ᠪᠠ ᠨᠠᠷᠠᠲᠤ ᠲᠡᠮᠳᠡᠭ ᠤᠨ ᠡᠬᠦᠳᠦᠯᠳᠡ ᠶᠢ ᠴᠢᠩᠭᠠᠳᠬᠠᠵᠤ᠂ ᠪᠣᠬᠢᠷᠳᠤᠯ ᠦᠭᠡᠢ ᠪᠦᠲᠦᠭᠡᠭᠳᠡᠬᠦᠨ ᠢᠶᠠᠷ 3 ᠡᠷᠦᠬᠡ | ᠶᠢ ᠰᠢᠯᠭᠠᠨ ᠭᠡᠷᠡᠴᠢᠯᠡᠬᠦᠯᠵᠦ᠂ 2 ᠪᠦᠳᠦᠭᠡᠭᠳᠡᠬᠦᠨ ᠢ ᠪᠥᠬᠦ ᠤᠯᠤᠰ ᠤᠨ ᠨᠠᠷᠠᠲᠤ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠪᠤᠯᠭᠠᠬᠤ ᠪᠠᠷ ᠡᠷᠡᠮᠡᠯᠵᠡᠯᠡᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ | ᠪᠦᠲᠦᠭᠡᠭᠳᠡᠬᠦᠨ ᠢ 16 ᠳᠤ ᠬᠦᠷᠭᠡᠬᠦ ᠪᠠᠷ ᠴᠢᠷᠮᠠᠶᠢᠨ᠎ᠠ᠃ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠵᠠᠩ ᠵᠠᠩᠰᠢᠯ ᠤᠨ ᠦᠬᠡᠷᠡᠴᠢᠯᠡᠯᠳᠡ ᠶᠢ ᠵᠢᠯᠤᠭᠤᠳᠤᠨ᠂ ᠪᠣᠯᠪᠠᠰᠤᠨ | ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ | ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ | ︵ᠭᠤᠷᠪᠠ︶ ᠰᠣᠶᠣᠯ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶ᠎ᠠ ᠵᠢᠭᠤᠯᠴᠢᠯᠠᠯ ᠢ | ᠬᠦᠭᠵᠢᠬᠦᠯᠬᠦ ᠰᠢᠨ᠎ᠡ ᠠᠵᠠ ᠲᠣᠬᠢᠶᠠᠯ ᠢ ᠡᠵᠡᠮᠳᠡᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢ ᠪᠥᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ︽ᠬᠠᠭᠠᠨ ᠤ ᠠᠳᠤᠭᠤᠨ ᠵᠤᠰᠠᠭᠠᠯ︾ ᠢ ᠲᠠᠰ | ᠳᠡᠪᠰᠢᠭᠦᠯᠦᠨ ᠥᠭᠡᠷᠡᠴᠢᠯᠡᠬᠦ᠂ ᠭᠡᠪ ᠨᠠᠮᠪᠠᠳᠤ ᠠᠳᠤᠭᠤᠳᠤ ᠪᠠᠯᠭᠠᠰᠤᠨ ᠤ ᠰᠡᠯᠡᠬᠦᠴᠡᠯ ᠤᠨ ᠤᠷᠤᠨ᠂ | ᠵᠢᠭᠤᠯᠴᠢᠯᠠᠭᠴᠢᠳ ᠲᠤ ᠦᠢᠯᠡᠴᠢᠯᠡᠬᠦ ᠲᠥᠪ᠂ ᠤᠯᠠᠭᠠᠨᠮᠥ᠋ᠴᠢᠷ ᠤᠨ ᠤᠷᠠᠯᠢᠭ ᠤᠨ ᠲᠥᠪ᠂ ᠪᠢᠶᠠᠨ ᠴᠢᠶᠠᠩ | ᠲᠣᠰᠬᠤᠨ ᠤ ᠤᠮᠪᠠᠯᠲᠠ ᠶᠢᠨ ᠣᠷᠳᠣᠨ᠂ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ | ᠴᠢᠨᠠᠷ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠴᠢᠨ | ᠲᠠᠷᠢᠶᠠᠴᠢᠨ ᠠᠶᠢᠯ ᠤᠨ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠢ | ᠠᠭᠤᠰᠤᠯᠴᠠᠭᠤᠯᠤᠭᠰᠠᠨ ᠨᠢᠭᠡ ᠪᠦᠯᠦᠭ ᠰᠣᠳᠣᠨ ᠵᠦᠢᠯᠡᠰ ᠪᠠ ᠵᠢᠭᠤᠯᠴᠢᠯᠠᠯ ᠤᠨ ᠱᠤᠭᠤᠮ ᠢ ᠢᠳᠡᠪᠬᠢᠲᠡᠢ ᠪᠠᠷ | ᠤᠬᠠᠭᠠᠯᠠᠨ ᠰᠡᠳᠦᠵᠦ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ ᠠᠽᠢᠶ᠎ᠠ ᠨᠣᠮᠣᠬᠠᠨ ᠳᠠᠯᠠᠢ ᠶᠢᠨ | ᠣᠷᠣᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠠ᠃ | ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠠᠭᠠᠨ ᠤ | ᠠᠳᠤᠭᠤᠨ ᠰᠤᠶᠤᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠠᠮᠢᠳᠤᠯᠢᠭ ᠢᠶᠠᠷ ᠦᠷᠨᠢᠬᠦᠯᠦᠨ᠂ ᠲᠠᠶᠢᠹᠤᠰᠧ | ᠬᠤᠰᠢᠭᠤ ᠪᠠᠨ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠶᠢᠷ᠎ᠠ ᠪᠠᠶᠢᠭᠠᠯᠢᠯᠢᠭ ᠲᠠᠯ᠎ᠠ ᠨᠤᠳᠤᠭ ᠤᠨ | ᠵᠢᠭᠤᠯᠴᠢᠯᠠᠯ ᠤᠨ ᠤᠷᠤᠨ ᠪᠤᠯᠭᠠᠵᠤ ᠪᠠᠶᠢᠭᠤᠯᠬᠤ ᠪᠠᠷ ᠴᠢᠷᠮᠠᠶᠢᠨ᠎ᠠ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠰᠢᠰᠲ᠋ᠧᠮ ᠢ ᠲᠦᠷᠭᠡᠳᠬᠡᠨ ᠪᠠᠶᠢᠭᠤᠯᠬᠤ ᠭᠡᠷᠡᠭᠳᠡᠢ᠃ ᠡᠯᠧᠺᠲᠷᠣᠨ ᠬᠤᠳᠠᠯᠳᠤᠭᠠᠨ ᠤ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ | ᠲᠣᠬᠢᠷᠠᠭᠤᠯᠤᠨ ᠬᠦᠷᠭᠡᠬᠦ ᠲᠥᠪ ᠤᠨ ᠡᠯ᠎ᠡ ᠵᠦᠢᠯ ᠤᠨ ᠴᠢᠳᠠᠮᠵᠢ ᠶᠢᠨ ᠪᠠᠶᠢᠭᠤᠯᠤᠯᠲᠠ ᠶᠢ ᠴᠢᠨᠠᠭᠰᠢᠳᠠ | ᠲᠡᠭᠦᠯᠳᠡᠷᠵᠢᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ | ᠬᠦᠢᠲᠡᠨ ᠬᠡᠯᠬᠢᠶᠡᠲᠦ ᠪᠤᠳᠠᠰ ᠢ ᠬᠥᠮᠥᠷᠭᠡᠯᠡᠨ ᠬᠠᠳᠠᠭᠠᠯᠠᠬᠤ ᠡᠯ᠎ᠡ ᠴᠢᠳᠠᠮᠵᠢᠲᠤ ᠣᠷᠣᠨ ᠢ ᠪᠦᠬᠦᠨ ᠢ | ᠠᠰᠢᠭᠯᠠᠯᠲᠠ ᠳᠤ ᠣᠷᠣᠭᠤᠯᠵᠤ᠂ ᠬᠡᠷᠡᠭᠯᠡᠭᠡᠨ ᠤ ᠵᠦᠢᠯ ᠢ ᠬᠥᠳᠡᠭᠡ ᠪᠠᠭᠤᠯᠭᠠᠬᠤ ᠪᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠤᠲᠠ ᠳᠤ ᠣᠷᠣᠬᠤ ᠨᠣᠷᠮ᠎ᠠ ᠶᠢ ᠲᠠᠰᠤᠷᠠᠯᠲᠠ ᠦᠭᠡᠢ | ᠲᠡᠭᠡᠭᠰᠢᠯᠡᠬᠦᠯᠦᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠶᠢ | ᠪᠦᠲᠦᠮᠵᠢᠲᠡᠶ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠨᠡᠴᠢᠯᠡᠨ ᠬᠦᠭᠵᠢᠬᠦᠯᠬᠦ | ᠭᠡᠷᠡᠭᠳᠡᠢ᠃ ᠪᠥᠬᠦ ᠠᠷᠠᠳ ᠢᠶᠠᠷ ᠢᠶᠠᠨ ᠰᠢᠨ᠎ᠡ ᠶᠢ ᠡᠭᠦᠳᠦᠨ ᠦᠢᠯᠡᠰ ᠪᠦᠳᠦᠭᠡᠬᠦ ᠶᠢ ᠢᠳᠡᠪᠬᠢᠲᠡᠢ ᠵᠣᠷᠢᠭᠵᠢᠭᠤᠯᠵᠤ᠂ | ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠦᠯᠵᠢᠶᠡᠨ ᠤ ᠰᠤᠷᠭᠠᠨ ᠬᠥᠮᠦᠵᠢᠯ | ᠵᠡᠷᠭᠡ ︽ᠢᠨᠲ᠋ᠧᠷ ᠰᠦᠯᠵᠢᠶ᠎ᠡ +︾ ᠰᠢᠨ᠎ᠡ ᠭᠡᠷᠡᠭᠯᠡᠭᠡᠨ ᠤ ᠵᠠᠭᠪᠤᠷ ᠢ ᠲᠡᠳᠬᠦᠨ ᠬᠦᠭᠵᠢᠬᠦᠯᠵᠦ᠂ ᠭᠡᠪ | ᠨᠠᠮᠪᠠᠳᠤ ᠠᠷᠠᠯᠵᠢᠶᠠᠨ ᠤ ᠵᠡᠭᠡᠯᠢ ᠶᠢ ᠪᠠᠶᠢᠭᠤᠯᠤᠨ᠂ ᠥᠷᠯᠥᠭᠡ ᠦᠳᠡᠰᠢ ᠶᠢᠨ ᠵᠠᠬ᠎ᠠ᠂ ᠢᠳᠡᠭᠡᠨ ᠤᠮᠳᠠᠭᠠᠨ ᠵᠤᠭ᠎ᠠ | ᠴᠡᠩᠭᠡᠯ᠂ ᠰᠦᠯᠵᠢᠶᠡᠨ ᠤᠳᠤᠨ ᠤ ᠵᠢᠭᠤᠯᠴᠢᠯᠠᠯ ᠵᠡᠷᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠳᠠᠶᠢᠴᠢᠯᠠᠬᠤ ᠬᠢᠷᠢ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠳᠥᠷᠪᠡ︶ ᠰᠠᠭᠤᠷᠢ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠭᠵᠢᠯᠲᠡ ᠶᠢᠨ ᠪᠠᠳᠤᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠳᠠ ᠪᠠᠯᠭᠠᠰᠤᠨ ᠤ ᠴᠢᠳᠠᠮᠵᠢ ᠶᠢᠨ | ᠢᠵᠢ ᠪᠦᠷᠢᠳᠦᠭᠰᠡᠨ ᠦᠢᠯᠡᠴᠢᠯᠡᠭᠡ ᠶᠢ ᠲᠡᠬᠦᠯᠳᠡᠷᠵᠢᠬᠦᠯᠬᠦ ᠭᠡᠷᠡᠭᠳᠡᠢ᠃ ᠬᠤᠲᠠ ᠪᠠᠯᠭᠠᠰᠤᠨ ᠤ ᠰᠢᠨᠡᠳᠬᠡᠬᠦ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠦᠸᠧ ᠹᠠᠩ ᠪᠠᠷᠠᠭᠤᠨ ᠵᠡᠭᠡᠯᠢ ᠶᠢᠨ ᠲᠡᠷᠭᠡᠨ ᠵᠣᠭᠰᠣᠭᠠᠯ ᠢ | ᠪᠠᠶᠢᠭᠤᠯᠤᠨ᠂ ᠰᠢᠨ ᠬᠤᠸᠠ ᠨᠡᠶᠢᠬᠡᠮ ᠲᠣᠭᠤᠷᠢᠭ᠂ ᠲᠠᠢ ᠫᠢᠩ ᠨᠡᠶᠢᠭᠡᠮ ᠲᠣᠭᠤᠷᠢᠭ ᠪᠣᠯᠣᠨ ᠪᠤᠤᠴᠠᠩ ᠤᠨ | ᠬᠤᠶᠢᠳᠤ ᠭᠡᠰᠡᠭ ᠲᠠᠬᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ | ᠬᠦᠴᠢᠷ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ ᠲᠠᠢ ᠫᠢᠩ ᠨᠡᠶᠢᠭᠡᠮ ᠲᠣᠭᠤᠷᠢᠭ᠂ ᠼᠠᠢ ᠶᠤᠸᠠᠨ | ᠲᠣᠰᠬᠤᠨ ᠤ ᠨᠤᠷᠠᠭᠠᠵᠤ ᠨᠡᠭᠦᠯᠭᠡᠬᠦ ᠠᠵᠢᠯ ᠪᠠ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠠᠪᠤᠰᠤᠨ ᠤ ᠦᠢᠯᠡᠰ ᠤᠨ ᠺᠣᠮᠫᠠᠨᠢ᠂ ᠳᠤᠮᠳᠠᠳᠤ ᠤᠯᠤᠰ ᠤᠨ | ᠴᠢᠯᠠᠭᠤᠨ ᠲᠤᠰᠤᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠦᠷᠳᠡᠭᠡ ᠶᠢ ᠨᠡᠭᠦᠯᠭᠡᠬᠦ ᠠᠵᠢᠯ ᠢ ᠬᠢᠨ᠎ᠡ᠃ ᠪᠢᠨ | ᠾᠧ ᠵᠠᠮ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠨ ᠤ | ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠂ ᠤᠰᠤᠨ ᠤ ᠬᠡᠮᠵᠢᠬᠦᠷ ᠢ ᠥᠭᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠵᠡᠷᠭᠡ ᠶᠢ ᠬᠡᠷᠡᠭᠵᠢᠭᠦᠯᠵᠦ᠂ 12. 2 ᠺᠢᠯᠣᠮᠧᠲᠷ ᠤᠰᠤ ᠬᠠᠩᠭᠠᠬᠤ ᠬᠤᠭᠤᠯᠠᠢ ᠂ 24.4 | ᠺᠢᠯᠣᠮᠧᠲᠷ ᠢᠯᠴᠢ ᠬᠠᠩᠭᠠᠬᠤ ᠬᠤᠭᠤᠯᠠᠢ ᠂ 12.2 ᠺᠢᠯᠣᠮᠧᠲᠷ ᠪᠣᠬᠢᠷ ᠤᠰᠤᠨ ᠤ ᠬᠤᠭᠤᠯᠠᠢ ᠂ 5.9 ᠺᠢᠯᠣᠮᠧᠲᠷ | ᠪᠣᠷᠣᠭᠠᠨ ᠤ ᠤᠰᠤᠨ ᠤ ᠬᠤᠭᠤᠯᠠᠢ ᠶᠢ ᠳᠡᠪᠢᠰᠴᠦ᠂ 4 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ | ᠵᠠᠰᠠᠬᠤ ᠢᠨᠵᠧᠨᠧᠷᠢᠩ ᠢ ᠪᠡᠶᠡᠯᠡᠬᠦᠯᠦᠨ᠎ᠡ᠃ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ | ᠲᠦᠪᠰᠢᠨ ᠢ ᠲᠡᠭᠡᠭᠰᠢᠯᠡᠬᠦᠯᠬᠦ ᠭᠡᠷᠡᠭᠳᠡᠢ ᠃ ︽ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠣᠨ︾ ᠤ | ᠠᠵᠢᠯᠯᠠᠭ᠎ᠠ ᠶᠢ ᠥᠷᠨᠢᠭᠦᠯᠵᠦ᠂ ᠵᠠᠮ ᠡᠵᠡᠯᠡᠨ ᠠᠷᠠᠯᠵᠢᠶ᠎ᠠ ᠬᠢᠬᠦ ᠂ ᠲᠡᠷᠭᠡ ᠬᠦᠰᠭᠡ ᠳᠤᠷ᠎ᠠ ᠪᠠᠷ ᠵᠣᠭᠰᠣᠭᠠᠬᠤ᠂ | ᠡᠳ᠋ ᠪᠠᠷᠠᠭ᠎ᠠ ᠳᠤᠷ᠎ᠠ ᠪᠠᠷ ᠤᠪᠤᠭᠠᠯᠠᠬᠤ᠂ ᠬᠤᠭ ᠨᠤᠪᠰᠢ ᠳᠤᠷ᠎ᠠ ᠪᠠᠷ ᠠᠰᠠᠬᠠᠬᠤ ᠵᠡᠷᠭᠡ ︽ᠬᠤᠲᠠ ᠶᠢᠨ ᠠᠷᠬᠠᠭ︾ | ᠢ ᠶᠡᠭᠡ ᠪᠠᠷ ᠴᠡᠭᠴᠡᠯᠡᠨ ᠵᠠᠰᠠᠵᠤ᠂ ᠵᠡᠭᠡᠯᠢ ᠴᠡᠪᠡᠷᠯᠡᠬᠦ᠂ ᠢᠯᠴᠢ ᠬᠠᠩᠭᠠᠬᠤ᠂ ᠬᠡᠢ ᠬᠠᠩᠭᠠᠬᠤ ᠦᠢᠯᠡᠴᠢᠯᠡᠭᠡᠨ ᠤ | ᠬᠠᠮᠢᠶᠠᠷᠤᠯᠲᠠ ᠶᠢ ᠴᠢᠩᠭᠠᠳᠬᠠᠨ᠂ ᠠᠷᠢᠭᠤᠨ ᠴᠡᠪᠡᠷ᠂ ᠡᠮᠬᠢ ᠲᠢᠭᠯᠡᠮ ᠲᠠᠢ᠂ ᠠᠮᠤᠷ ᠲᠦᠪᠰᠢᠨ᠂ ᠪᠣᠯᠪᠠᠰᠤᠨ | ᠰᠠᠶᠢᠬᠠᠨ ᠬᠤᠲᠠ ᠪᠠᠯᠭᠠᠰᠤᠨ ᠤ ᠣᠷᠴᠢᠨ ᠲᠤᠭᠤᠷᠢᠨ ᠢ ᠪᠣᠶ ᠪᠣᠯᠭᠠᠨ᠎ᠠ᠃ ︽ᠠᠳᠠᠯ ᠠᠬᠤᠢ ᠶᠢᠨ ᠦᠢᠯᠡᠴᠢᠯᠡᠭᠡ ᠶᠢ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠴᠡᠭᠴᠡᠯᠡᠵᠦ ᠲᠦᠷᠢᠮᠵᠢᠬᠦᠯᠦᠨ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠦᠶᠯᠡ ᠠᠵᠢᠯᠯᠠᠭ᠎ᠠ ᠶᠢ ᠦᠨᠡᠨ ᠪᠣᠳᠠᠲᠠᠢ | ᠪᠥᠭᠡᠳ ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ᠂ ᠪᠣᠯᠪᠠᠰᠤᠨ ᠬᠤᠲᠠ ᠶᠢᠨ ᠪᠠᠶᠢᠭᠤᠯᠤᠯᠳᠠ ᠶᠢ | ᠦᠷᠭᠦᠯᠵᠢᠯᠡᠨ ᠬᠦᠨᠵᠡᠬᠡᠶᠢᠷᠡᠬᠦᠯᠵᠦ᠂ ᠪᠥᠬᠦ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠠᠰᠠᠷ᠂ ᠣᠷᠣᠨ ᠰᠠᠭᠤᠴᠠ ᠶᠢᠨ ᠠᠰᠠᠷ | ᠤᠨ ︽ ᠭᠡᠷ ᠢᠶᠠᠨ ᠲᠤᠰᠢᠶᠠᠮᠠᠭᠴᠠ ᠦᠨᠡᠮᠯᠡᠯ ᠢ ᠭᠠᠷᠳᠠᠭᠤᠯᠬᠤ︾ ᠠᠵᠢᠯ ᠢ ᠬᠢᠨᠠᠮᠠᠭᠠᠢ ᠰᠠᠶᠢᠨ ᠬᠢᠵᠦ᠂ ᠦᠨᠡᠮᠯᠡᠯ | ᠬᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠤᠰᠤᠨ ᠠᠰᠢᠭᠯᠠᠯᠲᠠ ᠵᠠᠮ | ᠬᠠᠷᠢᠯᠴᠠᠭᠠᠨ ᠤ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠡᠢ᠃ ︽ᠳᠥᠷᠪᠡᠨ ᠰᠠᠶᠢᠨᠲᠠᠢ ᠬᠥᠳᠡᠭᠡ ᠶᠢᠨ ᠵᠠᠮ︾ | ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ᠵᠠᠮ ᠨᠡᠪᠲᠡᠷᠡᠯᠭᠡ ᠶᠢᠨ | ᠨᠥᠬᠦᠴᠡᠯ ᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠢ 101 ᠺᠢᠯᠣᠮᠧᠲᠷ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ᠂ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠤᠨ᠂ ︽304︾ ᠮᠤᠵᠢ ᠶᠢᠨ | ᠵᠠᠮ ᠤᠨ ᠰᠢ ᠭᠠᠨ ᠭᠸᠦ ᠠᠴᠠ ᠵᠥᠩ ᠾᠧ ᠬᠦᠷᠬᠦ ᠬᠡᠰᠡᠭ ᠤᠨ ᠪᠠᠷᠢᠯᠭ᠎ᠠ ᠶᠢ ᠪᠥᠬᠦ ᠲᠠᠯ᠎ᠠ ᠪᠠᠷ ᠳᠠᠭᠤᠰᠬᠠᠵᠤ ᠲᠡᠷᠭᠡ | ᠨᠡᠪᠲᠡᠷᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ | ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠦᠪᠡᠷᠳᠡᠭᠡᠨ ᠪᠡᠯᠡᠳᠭᠡᠭᠰᠡᠨ ᠬᠤᠳᠳᠤᠭ ᠮᠠᠯᠳᠠᠵᠤ ᠭᠡᠷᠡᠭᠯᠡᠬᠦ ᠶᠢ ᠡᠷᠡᠰ | ᠵᠤᠭᠰᠤᠭᠠᠨ᠎ᠠ ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠪᠠᠬᠢᠵᠢᠭᠦᠯᠦᠨ ᠰᠠᠶᠢᠵᠢᠷᠠᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠤᠰᠤ ᠬᠠᠩᠭᠠᠬᠤ ᠦᠷᠳᠡᠭᠡ 17 ᠶᠢ ᠰᠢᠨ᠎ᠡ ᠪᠠᠷ ᠪᠠᠶᠢᠭᠤᠯᠬᠤ | ᠶᠢᠨ ᠬᠠᠮᠳᠤ᠂ 4 ᠺᠢᠯᠣᠮᠧᠲᠷ ᠦᠶᠡᠷ ᠵᠠᠯᠠᠬᠤ ᠭᠤᠤ ᠶᠢ ᠵᠠᠰᠠᠵᠤ᠂ 20 ᠬᠠᠪᠳᠠᠭᠠᠢ ᠳᠥᠷᠪᠡᠯᠵᠢᠨ ᠺᠢᠯᠣᠮᠧᠲᠷ | ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠡ᠃ ᠾᠸᠦ ᠹᠠᠩ ᠽᠢ ᠲᠤᠰᠬᠤᠨ ᠤ ᠤᠰᠤ ᠬᠤᠷᠠᠬᠤ ᠠᠰᠠᠭᠤᠳᠠᠯ ᠢ | ᠰᠢᠢᠳᠪᠦᠷᠢᠯᠡᠵᠦ᠂ ᠬᠠᠨ ᠢᠦᠢ ᠶᠢᠩ ᠭᠤᠣᠯ ᠤᠨ ᠦᠶᠡᠷ ᠰᠡᠷᠭᠡᠶᠢᠯᠡᠬᠦ ᠢᠨᠵᠧᠨᠧᠷᠢᠩ ᠢ ᠲᠦᠷᠭᠡᠳᠭᠡᠨ᠂ ᠦᠶᠡᠷ ᠤᠨ | ᠬᠤᠭᠤᠴᠠᠭ᠎ᠠ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ ᠴᠠᠬᠢᠯᠭᠠᠨ ᠬᠦᠴᠦᠨ ᠤ ᠪᠦᠲᠦᠴᠡ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ 110 ᠺᠢᠯᠣᠸᠠᠲ ᠤᠨ ᠴᠠᠬᠢᠯᠭᠠᠨ ᠲᠠᠮᠵᠢᠭᠤᠯᠵᠤ ᠬᠦᠴᠦᠳᠡᠯ | ᠥᠭᠡᠷᠡᠴᠢᠯᠡᠬᠦ ᠦᠷᠳᠡᠭᠡ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠭᠤᠣᠯ ᠬᠤᠪᠢᠰᠬᠠᠭᠤᠷ | ᠤᠨ ᠪᠠᠭᠲᠠᠭᠠᠮᠵᠢ ᠶᠢ ᠨᠡᠮᠡᠭᠳᠡᠭᠦᠯᠬᠦ ᠪᠠ 10 ᠺᠢᠯᠣᠸᠠᠲ ᠠᠴᠠ ᠳᠣᠷᠣᠭᠰᠢᠬᠢ ᠴᠠᠬᠢᠯᠭᠠᠨ ᠲᠠᠮᠵᠢᠭᠤᠯᠬᠤ ᠲᠣᠣᠷ ᠤᠨ | ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠶᠢ ᠠᠵᠢᠯ ᠡᠬᠢᠯᠡᠭᠦᠯᠵᠤ᠂ 5G ᠰᠦᠯᠵᠢᠶ᠎ᠡ ᠪᠠ ᠭᠡᠷᠡᠯᠯᠢᠭ ᠰᠢᠷᠬᠡᠭ ᠤᠨ | ᠥᠷᠭᠡᠨ ᠪᠦᠰᠡ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ | ︵ᠲᠠᠪᠤ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ | ᠪᠠᠳᠤᠯᠠᠭᠠᠨ ᠤ ᠲᠣᠣᠷ ᠢ ᠨᠢᠭᠲᠠ ᠪᠠᠳᠤ ᠰᠦᠯᠵᠢᠬᠦ ᠭᠡᠷᠡᠭᠳᠡᠢ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠣᠷᠤᠯᠴᠠᠬᠤ ᠶᠣᠰᠣᠲᠠᠢ ᠶᠢ ᠨᠢ ᠪᠦᠷ ᠤᠷᠤᠯᠴᠠᠭᠤᠯᠬᠤ᠂ ᠪᠠᠲᠤᠯᠠᠬᠤ ᠶᠣᠰᠣᠲᠠᠢ ᠶᠢ ᠨᠢ ᠪᠦᠷ ᠪᠠᠲᠤᠯᠠᠬᠤ ᠶᠢ | ᠪᠡᠶᠡᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠦᠢᠯᠡᠰ ᠪᠦᠳᠦᠬᠡᠵᠦ ᠠᠵᠢᠯ ᠣᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠡᠷᠴᠢᠮ ᠢ | ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠪᠠ | ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠠᠵᠢᠯ ᠣᠯᠬᠤ ᠠᠷᠭ᠎ᠠ ᠵᠠᠮ ᠢ ᠦᠷᠭᠡᠳᠭᠡᠵᠦ᠂ 1200 | ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢ ᠲᠠᠷᠬᠠᠭᠠᠨ᠂ ᠬᠤᠲᠠ ᠪᠠᠯᠭᠠᠰᠤᠨ ᠤ | ᠠᠵᠢᠯ ᠠᠯᠳᠠᠯᠲᠠ ᠶᠢᠨ ᠨᠣᠷᠮ᠎ᠠ ᠶᠢ 5% ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠳᠤᠯᠠᠭᠠᠨ ᠤ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠤᠳᠠ ᠬᠥᠳᠡᠭᠡ ᠶᠢᠨ | ᠲᠠᠪᠤᠨ ᠪᠠᠳᠤᠯᠠᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠡᠪᠡᠳᠴᠢᠳᠡᠨ ᠢ ᠠᠪᠤᠷᠠᠨ | ᠲᠤᠰᠠᠯᠠᠬᠤ᠂ ᠭᠠᠢ ᠭᠠᠮᠰᠢᠭ ᠠᠴᠠ ᠠᠪᠤᠷᠠᠨ ᠲᠡᠳᠬᠦᠬᠦ ᠵᠡᠷᠭᠡ ᠲᠦᠷᠦ ᠶᠢᠨ ᠪᠣᠳᠣᠯᠭ᠎ᠠ ᠶᠢ ᠨᠢᠮᠪᠠᠢ | ᠨᠠᠶᠢᠳᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ᠂ ᠬᠥᠯᠥᠰᠦᠨ ᠠᠵᠢᠯᠴᠢᠨ ᠤ ᠡᠷᠬᠡ | ᠠᠰᠢᠭ ᠢ ᠬᠠᠮᠠᠭᠠᠯᠠᠬᠤ ᠪᠠ ᠬᠦᠴᠢᠷᠳᠡᠯ ᠲᠠᠢ ᠬᠦᠮᠦᠰ ᠢ ᠲᠡᠳᠬᠦᠨ ᠲᠤᠰᠠᠯᠠᠬᠤ ᠠᠵᠢᠯ ᠢ ᠢᠳᠡᠪᠬᠢᠲᠡᠢ ᠰᠠᠶᠢᠨ ᠬᠢᠵᠦ | ᠂ ᠨᠡᠶᠢᠭᠡᠮ ᠤᠨ ᠪᠠᠳᠤᠯᠠᠭᠠᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠡᠮ ᠡᠮᠨᠡᠯᠭᠡ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠬᠤ ᠭᠡᠷᠡᠭᠳᠡᠢ᠃ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠡᠮᠦᠨ᠎ᠡ ᠡᠭᠦᠳᠡ ᠬᠢᠭᠡᠳ 1 ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ 2 ᠳᠤᠮᠳᠠᠳᠤ | ᠰᠤᠷᠭᠠᠭᠤᠯᠢ ᠶᠢᠨ ᠬᠤᠭᠤᠯᠠᠨ ᠭᠡᠷ ᠢ ᠥᠭᠡᠷᠡᠴᠢᠯᠡᠨ ᠪᠠᠶᠢᠭᠤᠯᠵᠤ᠂ 3 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ | ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠨᠢᠭᠡᠳᠦᠭᠡᠷ ᠹᠷᠣᠨᠲ ᠲᠤ ᠲᠤᠲᠠᠭᠳᠠᠵᠤ ᠪᠠᠶᠢᠭ᠎ᠠ ᠪᠠᠭᠰᠢ ᠨᠠᠷ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠡᠨᠡ ᠵᠢᠯ ᠳᠤ 60 ᠨᠡᠷ᠎ᠡ ᠪᠠᠭᠰᠢ ᠶᠢ ᠡᠯᠰᠡᠨ ᠭᠡᠷᠡᠭᠯᠡᠬᠦ ᠪᠦᠭᠡᠳ | ᠨᠡᠷᠡᠳᠦ ᠰᠢᠯᠢᠳᠡᠭ ᠪᠠᠭᠰᠢ ᠶᠢ ᠤᠷᠢᠵᠤ ᠤᠷᠤᠭᠤᠯᠤᠨ᠂ ᠪᠠᠭᠰᠢ ᠶᠢᠨ ᠡᠩᠨᠡᠭᠡ ᠪᠠ ᠵᠢᠭᠠᠨ ᠰᠤᠷᠭᠠᠯᠳᠠ ᠶᠢᠨ | ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠨᠡᠶᠢᠬᠡᠮ ᠢ ᠲᠠᠶᠢᠴᠢᠯᠠᠨ ᠰᠤᠷᠭᠠᠨ ᠬᠦᠮᠦᠵᠢᠯ ᠢ ᠬᠠᠮᠵᠢᠯᠴᠠᠨ ᠠᠳᠬᠤᠵᠤ᠂ | ᠦᠨᠡᠨ ᠪᠤᠳᠠᠳᠠᠢ ᠦᠷ᠎ᠡ ᠪᠦᠳᠦᠮᠵᠢ ᠪᠠᠷ ᠰᠤᠷᠭᠠᠨ ᠬᠦᠮᠦᠵᠢᠯ ᠤᠨ ᠢᠳᠡᠭᠡᠯ ᠢ ᠪᠠᠳᠤᠳᠬᠠᠨ᠎ᠠ᠃ ᠡᠮᠨᠡᠯᠭᠡ ᠶᠢᠨ | ᠦᠢᠯᠡᠴᠢᠯᠡᠭᠡᠨ ᠤ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠨᠠᠩ ᠠᠰᠢᠭᠲᠠᠢ ᠪᠣᠯᠭᠠᠬᠤ ᠶᠢ ᠠᠬᠢᠭᠤᠯᠵᠤ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠲᠤ | ᠬᠤᠪᠢᠶᠠᠵᠤ ᠣᠨᠣᠰᠢᠯᠠᠨ ᠡᠮᠨᠡᠬᠦ ᠪᠠ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠳᠦᠷᠢᠮ ᠢ | ᠲᠡᠭᠦᠯᠳᠡᠷᠵᠢᠭᠦᠯᠵᠦ᠂ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠮᠡᠷᠭᠡᠵᠢᠯ ᠤᠨ ᠴᠣᠯᠠ | ᠲᠣᠭᠲᠠᠭᠠᠬᠤ ᠭᠤᠣᠯᠳᠠᠯᠭ᠎ᠠ ᠶᠢ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠳᠠᠰᠢ ᠬᠡᠯᠪᠡᠶᠢᠯᠭᠡᠨ᠎ᠡ᠃ ᠬᠢᠳᠠᠳ | ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠨᠡ ᠵᠢᠯ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠡᠯ᠎ᠡ ᠲᠦᠷᠦᠯ ᠤᠨ ᠨᠡᠶᠢᠭᠡᠮ ᠤᠨ ᠦᠢᠯᠡᠰ ᠢ ᠶᠡᠬᠡᠪᠡᠷ | ᠬᠦᠭᠵᠢᠬᠦᠯᠬᠦ ᠭᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠠᠮᠲᠤᠪᠠᠷ ᠡᠳ᠋ᠯᠡᠵᠦ ᠬᠠᠮᠲᠤᠪᠠᠷ ᠵᠠᠰᠠᠬᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠳᠬᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠡᠳᠡᠨ | ᠳᠤ ᠢᠯᠡᠭᠦᠬᠡᠨ ᠬᠠᠶᠢᠷ᠎ᠠ ᠬᠠᠯᠠᠮᠵᠢ ᠬᠦᠷᠲᠡᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠭᠦᠨᠵᠡᠭᠡᠢ ᠰᠠᠶᠢᠲᠤᠷ ᠠᠳᠬᠤᠵᠤ᠂ ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ | ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠨ᠂ ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠲᠥᠪ᠂ | ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠪᠠ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠠᠷᠠᠳ ᠲᠤ ᠠᠰᠢᠭ | ᠬᠦᠷᠲᠡᠭᠡᠬᠦ ᠲᠥᠷᠥᠯ ᠵᠦᠢᠯ ᠢ ᠠᠵᠢᠯ ᠡᠬᠢᠯᠡᠬᠦᠯᠬᠦ ᠪᠠᠷ ᠴᠢᠷᠮᠠᠶᠢᠵᠤ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠠᠷᠢᠯᠭ᠎ᠠ ᠶᠢ ᠲᠠᠭᠤᠰᠬᠠᠵᠤ | ᠠᠰᠢᠭᠯᠠᠯᠲᠠ ᠳᠤ ᠣᠷᠣᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠢ ᠥᠭᠡᠷᠡᠴᠢᠯᠡᠵᠦ ᠥᠷᠭᠡᠳᠬᠡᠨ᠂ | ᠨᠡᠶᠢᠲᠡ ᠶᠢᠨ ᠤᠡᠭᠭᠤᠨ ᠤ ᠭᠠᠵᠠᠷ ᠢ ᠠᠰᠢᠭᠯᠠᠯᠲᠠ ᠳᠤ ᠤᠷᠤᠭᠤᠯᠤᠨ᠎ᠠ᠃ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠤᠯᠠᠭᠠᠨ ᠵᠠᠭᠠᠯᠮᠠᠶᠢᠳᠠᠨ᠂ | ᠨᠢᠭᠦᠯᠡᠰᠦᠩᠭᠦᠢ ᠶᠢᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠨᠠᠰᠤᠲᠠᠶᠢᠴᠤᠳ᠂ ᠡᠮᠡᠭᠲᠡᠶᠢᠴᠦᠳ᠂ ᠬᠡᠦᠬᠡᠳ | ᠪᠠ ᠵᠡᠮᠳᠡᠭᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠱᠠᠰᠢᠨ ᠰᠤᠷᠲᠠᠬᠤᠨ᠂ ᠬᠠᠮ | ᠵᠠᠭᠤᠴᠢᠯᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠨ᠎ᠡ ᠃ | ︵ᠵᠢᠷᠭᠤᠭ᠎ᠠ︶ ᠣᠯᠠᠨ ᠨᠡᠶᠢᠲᠡ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ | ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠳᠠ ᠶᠢ ᠲᠠᠰᠤᠷᠠᠯᠲᠠ ᠦᠭᠡᠢ ᠴᠢᠩᠭᠠᠳᠬᠠᠬᠤ ᠭᠡᠷᠡᠭᠳᠡᠢ ᠃ ︽ᠠᠵᠤ ᠠᠬᠤᠶᠢᠯᠠᠯ ᠤᠨ ᠠᠶᠤᠯᠬᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ | ᠠᠵᠤ ᠠᠬᠤᠶᠢᠯᠠᠯ ᠤᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯᠲᠠᠨ ᠢ ︽ᠭᠤᠷᠪᠠᠨ ᠲᠡᠰ ᠨᠢᠭᠡ ᠹᠷᠣᠨᠲ︾ ᠤᠨ | ᠬᠢᠨᠠᠨ ᠬᠠᠮᠢᠶᠠᠷᠬᠤ ᠡᠩᠨᠡᠭᠡ ᠳᠤ ᠣᠷᠣᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢ | ᠪᠠᠶᠢᠩᠭᠤ ᠶᠢᠨ ᠴᠢᠨᠠᠷᠳᠠᠢ ᠬᠢᠨᠠᠨ ᠰᠢᠯᠭᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠦᠬᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠬᠦᠨᠳᠦ ᠶᠡᠭᠡ ᠤᠰᠤᠯ | ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠨ | ᠠᠶᠤᠯ ᠠᠴᠠ ᠵᠠᠶᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠨᠡᠶᠢᠭᠡᠮ ᠤᠨ ᠭᠠᠮᠰᠢᠭ ᠢ | ᠰᠡᠷᠭᠡᠶᠢᠯᠡᠨ ᠬᠤᠬᠢᠷᠠᠯ ᠢ ᠪᠠᠭᠠᠰᠬᠠᠬᠤ ᠬᠢᠷᠢ ᠴᠢᠳᠠᠪᠤᠷᠢ ᠶᠢ ᠶᠡᠷᠦᠩᠬᠡᠢ ᠳᠤᠨᠢ ᠳᠡᠭᠡᠭᠰᠢᠯᠡᠭᠦᠯᠦᠨ᠎ᠡ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠭᠡᠷᠡᠭᠳᠡᠢ᠃ ᠬᠠᠮᠳᠤᠷᠠᠭᠰᠠᠨ ᠬᠠᠤᠯᠢ | ᠬᠡᠷᠡᠭᠵᠢᠭᠦᠯᠬᠦ ᠲᠤᠭᠳᠠᠯᠴᠠᠭ᠎ᠠ ᠶᠢ ᠪᠠᠶᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠦᠢᠯᠡᠳᠦᠯ | ᠴᠢᠳᠠᠮᠵᠢ ᠶᠢ ᠪᠦᠲᠦᠮᠵᠢᠲᠡᠶ ᠲᠡᠭᠡᠭᠰᠢᠯᠡᠬᠦᠯᠦᠨ᠂ ᠢᠳᠡᠭᠡᠨ ᠤᠮᠳᠠᠭᠠᠨ ᠤ ᠦᠢᠯᠡᠰ ᠤᠨ ︽ᠢᠯᠡ ᠬᠠᠷᠠᠭᠤᠯᠬᠤ︾ | ᠠᠷᠭ᠎ᠠ ᠪᠠ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠨᠡᠶᠢᠳᠡᠮ ᠪᠦᠷᠬᠦᠬᠦ ᠶᠢ ᠲᠦᠷᠭᠡᠳᠬᠡᠵᠦ᠂ ᠢᠳᠡᠭᠡᠨ ᠤᠮᠳᠠᠭᠠᠨ | ᠡᠮ ᠤᠨ ᠵᠦᠢᠯ ᠤᠨ ᠬᠠᠮᠢᠶᠠᠳᠠᠢ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠳᠡᠭᠡᠨ ᠤᠮᠳᠠᠭᠠᠨ ᠡᠮ ᠤᠨ | ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ | ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ︽ᠠᠮᠤᠷ ᠠᠮᠤᠭᠤᠯᠠᠩ ᠲᠠᠶᠢᠹᠤᠰᠧ | ᠬᠤᠰᠢᠭᠤ︾ ︽ᠬᠠᠤᠯᠢ ᠪᠠᠷ ᠵᠠᠰᠠᠭᠰᠠᠨ ᠲᠠᠶᠢᠹᠤᠰᠧ ᠬᠤᠰᠢᠭᠤ︾ ᠶᠢᠨ ᠪᠠᠶᠢᠭᠤᠯᠤᠯᠲᠠ ᠶᠢ ᠬᠦᠨᠵᠡᠬᠡᠶᠢᠷᠡᠬᠦᠯᠵᠦ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠦᠷᠨᠢᠬᠦᠯᠦᠨ᠂ ᠬᠠᠷ᠎ᠠ | ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠦᠷᠨᠢᠬᠦᠯᠵᠦ ᠂ ᠬᠠᠤᠯᠢ ᠪᠤᠰᠤ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠬᠠᠮᠳᠤ᠂ ᠵᠥᠷᠢᠴᠡᠯ ᠵᠢᠭᠤᠷᠠᠭᠠᠨ ᠢ ᠵᠢᠭᠰᠠᠭᠠᠨ | ᠪᠠᠶᠢᠴᠠᠭᠠᠬᠤ ᠠᠵᠢᠯ ᠢ ᠬᠥᠳᠡᠯᠦᠩᠭᠦᠢ ᠪᠠᠷ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ | ᠳᠤᠨᠢ ᠬᠠᠷᠢᠭᠤᠯᠲᠠ ᠦᠭᠬᠦ ᠭᠡᠷᠡᠭᠳᠡᠢ᠃ | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠰᠠᠭ ᠪᠠᠷᠢᠬᠤ | ᠬᠢᠷᠢ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠵᠣᠭᠰᠣᠯᠲᠠ ᠪᠠᠨ ᠡᠷᠡᠰ ᠪᠠᠳᠤᠳᠬᠠᠬᠤ ᠭᠡᠷᠡᠭᠳᠡᠢ | ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠦᠷᠪᠡᠨ | ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ | ᠦᠨᠡᠨᠴᠢ ᠰᠢᠳᠤᠷᠭᠤ ᠪᠠᠷ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠤ ᠡᠯ᠎ᠡ ᠬᠦᠷᠢᠶ᠎ᠡ ᠡᠯ᠎ᠡ | ᠭᠤᠭᠴᠤᠭ᠎ᠠ ᠳᠤ ᠦᠨᠡᠨ ᠬᠦ ᠲᠤᠤᠱᠯᠠᠭᠤᠯᠤᠨ᠎ᠠ᠃ ᠬᠠᠤᠯᠢ ᠶᠣᠰᠣᠭᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠬᠦ | ᠬᠡᠷᠡᠭᠲᠡᠢ᠃ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠪᠠ ᠬᠠᠤᠯᠢ ᠴᠠᠭᠠᠵᠠ ᠶᠢᠨ ᠵᠦᠪᠯᠡᠯᠭᠡ ᠦᠭᠬᠦ ᠠᠵᠢᠯᠯᠠᠭᠠᠨ ᠤ | ᠲᠣᠭᠲᠠᠴᠠ ᠶᠢ ᠤᠯᠠᠮ ᠲᠡᠬᠦᠯᠳᠡᠷᠵᠢᠬᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠯᠬᠤᠮ | ᠶᠠᠪᠤᠴᠠ ᠶᠢ ᠴᠢᠩᠭ᠎ᠠ ᠭᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ | ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ | ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠬᠦᠢᠴᠡᠳᠭᠡᠨ᠂ ᠵᠠᠰᠠᠭ ᠤᠨ ᠣᠷᠳᠣᠨ ᠤ ᠠᠵᠢᠯ ᠤᠨ | ᠥᠨᠳᠥᠷ ᠪᠦᠲᠦᠮᠵᠢᠲᠡᠶ᠂ ᠢᠯᠡ ᠲᠣᠳᠣ ᠶᠠᠪᠤᠭᠳᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠡᠰ ᠪᠡᠶᠡᠯᠡᠬᠦᠯᠬᠦ ᠭᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ︽ᠬᠤᠶᠠᠷ ᠬᠠᠷᠢᠭᠤᠴᠠᠯᠭ᠎ᠠ︾ ᠶᠢ ᠡᠷᠡᠰ ᠬᠦᠢᠴᠡᠳᠭᠡᠨ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ | ᠢ ᠴᠥᠬᠦᠷᠡᠰᠢ ᠦᠭᠡᠢ ᠵᠠᠯᠠᠷᠠᠭᠤᠯᠤᠨ᠂ ︽ᠭᠤᠷᠪᠠᠨ ᠠᠯᠪᠠᠨ ᠵᠠᠷᠤᠳᠠᠯ︾ ᠢ ᠤᠯᠠᠮ ᠪᠠᠭᠠᠰᠬᠠᠵᠤ᠂ ︽ᠠᠷᠪᠢᠯᠠᠨ | ᠭᠠᠮᠨᠠᠬᠤ︾ ᠶᠢ ᠵᠠᠰᠠᠭ ᠤᠨ ᠣᠷᠳᠣᠨ ᠤ ᠠᠵᠢᠯ ᠤᠨ ᠬᠡᠪ ᠤᠨ ᠪᠠᠶᠢᠳᠠᠯ ᠪᠤᠯᠭᠠᠨ᠂ ᠬᠡᠮᠵᠢᠶ᠎ᠡ ᠬᠢᠵᠠᠭᠠᠷ ᠲᠠᠢ ᠡᠳ᠋ ᠤᠨ | ᠬᠦᠴᠦᠨ ᠢᠶᠠᠨ ᠬᠥᠭᠵᠢᠯᠲᠡ ᠳᠤ ᠬᠠᠮᠤᠭ ᠤᠨ ᠬᠡᠷᠡᠭᠴᠡᠭᠡ ᠲᠠᠢ᠂ ᠤᠯᠠᠨ ᠲᠦᠮᠡᠨ ᠳᠤ ᠬᠠᠮᠤᠭ ᠤᠨ ᠠᠰᠢᠭ ᠲᠠᠢ | ᠭᠠᠵᠠᠷ ᠲᠤ ᠨᠡᠩ ᠢᠯᠡᠭᠦᠦ ᠬᠡᠷᠡᠭᠯᠡᠨ᠎ᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠪᠤᠳᠤᠬᠤ ᠪᠦᠷᠬᠦᠴᠡ ᠶᠢ ᠶᠡᠭᠡᠰᠬᠡᠵᠦ᠂ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠰᠠᠬᠢᠯᠭ᠎ᠠ ᠪᠠᠲᠤ ᠬᠠᠤᠯᠢ ᠲᠦᠷᠢᠮ ᠵᠥᠷᠢᠴᠡᠭᠰᠡᠨ ᠬᠡᠷᠡᠭ ᠢ | ᠴᠢᠩᠭ᠎ᠠ ᠪᠠᠶᠢᠴᠠᠭᠠᠨ᠂ ᠦᠨᠡᠨ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠡᠷᠡᠰ | ᠪᠡᠶᠡᠯᠡᠭᠦᠯᠬᠦ ᠬᠡᠷᠡᠭᠲᠡᠢ᠃ ᠠᠷᠠᠳ ᠢᠷᠭᠡᠳ ᠤᠨ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠴᠠᠭ ᠲᠤᠬᠠᠢ | ᠳᠤᠨᠢ ᠬᠠᠷᠢᠭᠤᠯᠳᠠ ᠦᠭᠴᠦ᠂ ︽12345︾ ᠲᠠᠪᠴᠠᠩ ᠢ ᠪᠦᠳᠦᠮᠵᠢᠳᠡᠢ ᠠᠰᠢᠭᠯᠠᠨ᠂ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡ ᠪᠣᠳᠠᠲᠠᠢ | ᠠᠵᠢᠯ ᠬᠢᠬᠦ ᠳᠤ ᠰᠡᠳᠬᠢᠯ ᠲᠠᠯᠪᠢᠵᠤ ᠬᠦᠴᠦ ᠤᠷᠤᠭᠤᠯᠤᠨ᠂ ᠭᠡᠷ ᠪᠠᠶᠢᠰᠢᠩ ᠭᠠᠵᠠᠷ ᠰᠢᠷᠤᠢ ᠶᠢᠨ ᠬᠠᠮᠢᠶᠠᠳᠠᠢ | ᠲᠡᠦᠬᠡᠨ ᠠᠴᠠ ᠦᠯᠡᠳᠡᠭᠳᠡᠵᠦ ᠢᠷᠡᠭᠰᠡᠨ ᠬᠦᠴᠢᠷᠲᠡᠢ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠠᠷ ᠴᠢᠷᠮᠠᠶᠢᠨ᠎ᠠ | ᠃ ᠪᠤᠳᠠᠳᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠭᠡᠯᠡᠭᠰᠡᠨ ᠪᠤᠯ ᠪᠡᠶᠡᠯᠡᠬᠦᠯᠦᠨ᠂ ᠲᠤᠭᠳᠠᠭᠰᠠᠨ ᠪᠤᠯ | ᠬᠦᠢᠴᠡᠳᠭᠡᠵᠦ᠂ ᠢᠯᠡᠬᠦᠦ ᠬᠦᠶᠦᠵᠦ ᠲᠤᠳᠠᠭᠤ ᠮᠡᠷᠭᠡᠯᠡᠨ᠂ ᠲᠦᠷᠦᠯ ᠵᠦᠢᠯ ᠢ ᠠᠩᠬᠠᠷᠴᠤ᠂ ᠠᠵᠢᠯ ᠤᠨ ᠠᠬᠢᠴᠠ | ᠶᠢ ᠠᠳᠬᠤᠨ᠂ ᠦᠨᠡᠨ ᠪᠣᠳᠠᠲᠠᠢ ᠦᠷ᠎ᠡ ᠠᠮᠵᠢᠯᠳᠠ ᠪᠠᠷ ᠢᠶᠠᠨ ᠠᠷᠠᠳ ᠲᠦᠮᠡᠨ ᠤ ᠢᠲᠡᠭᠡᠯ ᠢ ᠣᠯᠬᠤ ᠬᠡᠷᠡᠭᠲᠡᠢ᠃ | ᠲᠥᠯᠥᠭᠡᠯᠡᠭᠴᠢᠳ ᠠ᠋᠂ ᠤᠷᠢᠬᠠᠨ ᠰᠠᠯᠬᠢᠨ ᠤ ᠠᠶ᠎ᠠ ᠪᠠᠷ ᠤᠩᠭᠤᠴᠠᠨ ᠳᠠᠷᠪᠠᠭᠤᠯ ᠪᠤᠰᠴᠤ᠂ ᠤᠷᠤᠭᠰᠢᠯᠠᠨ | ᠲᠠᠪᠰᠢᠬᠤ ᠬᠠᠷᠭᠤᠢ ᠮᠠᠨ ᠢ ᠤᠭᠳᠤᠨ ᠲᠠᠯᠠᠯᠤᠨ᠎ᠠ ᠃ ᠪᠢᠳᠡ ᠬᠤᠷᠢᠳᠤᠭᠠᠷ ᠶᠡᠭᠡ ᠬᠤᠷᠠᠯ ᠤᠨ ᠲᠤᠷᠤᠨ᠎ᠠ ᠶᠢᠨ | ᠰᠠᠯᠬᠢᠨ ᠢ ᠲᠠᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠠᠷᠠᠳ ᠲᠦᠮᠡᠨ ᠤ ᠣᠶᠤᠨ ᠤᠬᠠᠭᠠᠨ ᠢ ᠲᠦᠪᠯᠡᠷᠡᠬᠦᠯᠦᠨ᠂ | ᠨᠡᠶᠢᠭᠡᠮ ᠤᠨ ᠡᠯ᠎ᠡ ᠡᠲᠡᠭᠡᠳ ᠤᠨ ᠬᠦᠴᠦᠨ ᠴᠢᠳᠠᠯ ᠢ ᠨᠢᠬᠳᠠᠷᠠᠭᠤᠯᠵᠤ᠂ ᠦᠪᠡᠷ ᠢ ᠪᠠᠨ ᠢᠳᠡᠬᠡᠵᠦ ᠥᠪᠡᠷ ᠢ ᠪᠠᠨ | ᠬᠦᠴᠦᠷᠭᠡᠭᠵᠢᠬᠦᠯᠦᠨ᠂ ᠰᠢᠨ᠎ᠡ ᠶᠢ ᠡᠬᠦᠳᠦᠨ ᠡᠷᠡᠯᠬᠡᠭ ᠢᠶᠠᠷ ᠤᠷᠤᠭᠰᠢᠯᠠᠵᠤ᠂ ᠪᠠᠶᠠᠨ ᠴᠢᠨᠡᠭᠡᠯᠢᠭ᠂ ᠪᠣᠯᠪᠠᠰᠤᠨ | ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ᠂ ᠵᠣᠯ ᠵᠢᠷᠭᠠᠯ ᠲᠠᠢ ᠲᠠᠶᠢᠹᠤᠰᠧ ᠬᠤᠰᠢᠭᠤ ᠶᠢ | ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | ᠨᠡᠷ᠎ᠡ ᠦᠬᠡ ᠶᠢᠨ ᠲᠠᠶᠢᠯᠪᠤᠷᠢ | ᠲᠦᠷᠪᠡ ᠶᠢ ᠦᠯᠦ ᠲᠠᠶᠠᠭᠳᠠᠬᠤ᠄ ᠶᠠᠳᠠᠭᠤ ᠶᠢᠨ ᠮᠠᠯᠠᠭᠠᠢ ᠪᠠᠨ ᠠᠪᠴᠤ ᠲᠠᠶᠠᠭᠳᠠᠭᠰᠠᠨ ᠴᠤ ᠰᠢᠯᠵᠢᠯᠳᠡ | ᠶᠢᠨ ᠬᠤᠭᠤᠴᠠᠭᠠᠨ ᠳᠤ ᠬᠠᠷᠢᠭᠤᠴᠠᠯᠭ᠎ᠠ ᠪᠠᠨ ᠲᠠᠶᠠᠭᠳᠠᠬᠤ ᠦᠬᠡᠢ᠂ ᠲᠦᠷᠦ ᠶᠢᠨ ᠪᠤᠳᠤᠯᠭ᠎ᠠ ᠶᠢ ᠲᠠᠶᠠᠭᠳᠠᠬᠤ | ᠦᠭᠡᠢ᠂ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ ᠬᠢᠨᠠᠯᠲᠠ ᠬᠠᠮᠢᠶᠠᠷᠤᠯᠲᠠ ᠪᠠᠨ ᠲᠠᠶᠠᠭᠳᠠᠬᠤ ᠦᠭᠡᠢ᠃ | ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ᠄ ᠢᠳᠡᠵᠦ ᠡᠮᠦᠰᠬᠦ ᠳᠤ ᠵᠣᠪᠠᠭ᠋ᠤ ᠦᠭᠡᠢ | ᠪᠠᠶᠢᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ | ᠲᠦᠪᠰᠢᠨ ᠢ ᠪᠠᠳᠤᠯᠠᠬᠤ᠃ | ᠳᠥᠷᠪᠡᠨ ᠰᠠᠶᠢᠨᠲᠠᠶ ᠬᠥᠳᠡᠭᠡ ᠶᠢᠨ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠨ ᠪᠠᠶᠢᠭᠤᠯᠵᠤ᠂ | ᠰᠠᠶᠢᠨ ᠬᠠᠮᠢᠶᠠᠷᠴᠤ᠂ ᠰᠠᠶᠢᠨ ᠬᠠᠮᠠᠭᠠᠯᠠᠵᠤ᠂ ᠰᠠᠶᠢᠨ ᠡᠵᠡᠩᠨᠡᠬᠦ᠃ | ᠭᠤᠷᠪᠠᠨ ᠴᠢᠬᠤᠯᠠ ᠨᠢᠭᠡ ᠶᠡᠭᠡ᠄ ᠴᠢᠬᠤᠯᠠ ᠶᠠᠪᠤᠳᠠᠯ ᠢ ᠰᠢᠢᠳᠴᠦ ᠲᠤᠭᠳᠠᠬᠤ᠂ ᠴᠢᠬᠤᠯᠠ ᠺᠠᠳ᠋ᠷ ᠢ | ᠲᠣᠮᠢᠯᠠᠵᠤ ᠪᠠᠭᠤᠯᠭᠠᠬᠤ᠂ ᠴᠢᠬᠤᠯᠠ ᠲᠦᠷᠦᠯ ᠵᠦᠢᠯ ᠢ ᠲᠤᠬᠢᠷᠠᠭᠤᠯᠵᠤ ᠪᠠᠶᠢᠷᠢᠯᠠᠭᠤᠯᠬᠤ ᠂ ᠶᠡᠭᠡ ᠬᠡᠮᠵᠢᠶᠡᠨ ᠤ | ᠪᠡᠯᠡ ᠮᠥᠩᠭᠦ ᠶᠢ ᠬᠡᠷᠡᠭᠯᠡᠬᠦ ᠃ | ︽ᠲᠠᠪᠤ ᠦᠬᠡᠢ︾ ᠭᠠᠵᠠᠷ ᠰᠢᠷᠣᠢ ᠶᠢ ᠴᠡᠭᠴᠡᠯᠡᠨ ᠵᠠᠰᠠᠬᠤ ᠄ ᠵᠥᠪᠰᠢᠶᠡᠷᠡᠭᠰᠡᠨ ᠪᠣᠯᠪᠠᠴᠤ ᠬᠠᠩᠭᠠᠭᠰᠠᠨ | ᠦᠭᠡᠢ᠂ ᠬᠠᠩᠭᠠᠭᠰᠠᠨ ᠪᠣᠯᠪᠠᠴᠤ ᠬᠡᠷᠡᠭᠯᠡᠭᠰᠡᠨ ᠦᠭᠡᠢ᠂ ᠬᠡᠷᠡᠭᠯᠡᠭᠰᠡᠨ ᠪᠣᠯᠪᠠᠴᠤ ᠬᠦᠢᠴᠡᠳ ᠭᠡᠷᠡᠭᠯᠡᠭᠰᠡᠨ ᠦᠭᠡᠢ᠂ | ᠪᠠᠶᠢᠭᠤᠯᠤᠭᠰᠠᠨ ᠪᠣᠯᠪᠠᠴᠤ ᠪᠡᠯᠡ ᠣᠷᠣᠭᠤᠯᠤᠭᠰᠠᠨ ᠦᠭᠡᠢ᠂ ᠪᠡᠯᠡ ᠣᠷᠣᠭᠤᠯᠤᠭᠰᠠᠨ ᠪᠣᠯᠪᠠᠴᠤ ᠪᠠᠷᠢᠮᠵᠢᠶ᠎ᠠ ᠳᠤ | ᠬᠦᠷᠦᠭᠰᠡᠨ ᠦᠭᠡᠢ ᠭᠠᠵᠠᠷ ᠰᠢᠷᠣᠢ ᠶᠢ ᠴᠡᠭᠴᠡᠯᠡᠨ ᠵᠠᠰᠠᠨ᠎ᠠ᠃ | ᠪᠠᠷᠢᠯᠭ᠎ᠠ ᠶᠢᠨ ᠬᠠᠮᠢᠶᠠᠷᠤᠯᠲᠠ ᠶᠢᠨ ᠲᠠᠪᠤᠨ ᠳᠦᠷᠢᠮ᠄ ᠬᠠᠤᠯᠢ ᠶᠢᠨ ᠡᠷᠭᠡᠳᠡᠨ ᠤ ᠬᠠᠷᠢᠭᠤᠴᠠᠯᠭ᠎ᠠ ᠶᠢᠨ | ᠳᠦᠷᠢᠮ᠂ ᠪᠠᠷᠢᠯᠭ᠎ᠠ ᠶᠢ ᠬᠢᠨᠠᠨ ᠬᠠᠮᠢᠶᠠᠷᠬᠤ ᠳᠦᠷᠢᠮ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠳᠦᠷᠢᠮ᠂ ᠭᠡᠷ᠎ᠡ ᠶᠢᠨ ᠬᠠᠮᠢᠶᠠᠷᠤᠯᠲᠠ ᠶᠢᠨ ᠳᠦᠷᠢᠮ᠂ ᠬᠥᠷᠥᠩᠭᠡ ᠮᠥᠩᠭᠦ ᠶᠢᠨ ᠳᠦᠷᠢᠮ ᠃ | ᠭᠤᠷᠪᠠᠨ ᠪᠦᠲᠦᠭᠡᠭᠳᠡᠬᠦᠨ ᠨᠢᠭᠡ ᠳᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ | ᠪᠤᠬᠢᠷᠳᠤᠯ ᠦᠬᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠢ ᠶᠢᠨ ᠪᠡᠯᠭᠡ ᠳᠡᠮᠳᠡᠭ ᠃ | ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ᠄ ᠲᠤᠰᠬᠠᠶᠢᠵᠢᠭᠰᠠᠨ᠂ ᠨᠠᠷᠢᠯᠢᠭᠵᠢᠭᠰᠠᠨ᠂ | ᠣᠨᠴᠠᠯᠢᠬᠵᠢᠭᠰᠠᠨ᠂ ᠰᠢᠨᠡᠴᠢᠯᠡᠭᠰᠡᠨ ᠬᠥᠭᠵᠢᠯᠲᠡ ᠶᠢᠨ ᠣᠨᠴᠠᠯᠢᠭ ᠲᠠᠢ ᠠᠵᠤ ᠠᠬᠤᠶᠢᠯᠠᠯ ᠃ | 5321 ᠢᠨᠵᠧᠨᠧᠷᠢᠩ᠄ ᠲᠢᠶᠠᠨᠵᠢᠨ ᠤ ᠬᠤᠲᠠ ᠬᠥᠳᠡᠭᠡ ᠶᠢᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠵᠠᠭᠤᠨ ᠮᠦ ᠬᠥᠷᠥᠰᠥ ᠰᠢᠷᠣᠢ ᠶᠢ ᠰᠠᠶᠢᠵᠢᠷᠠᠭᠤᠯᠬᠤ ᠲᠥᠷᠥᠯ | ᠵᠦᠢᠯ ᠢ ᠬᠡᠷᠡᠭᠵᠢᠭᠦᠯᠬᠦ ᠪᠠᠷ ᠡᠬᠢᠯᠡᠯᠲᠡ ᠪᠣᠯᠭᠠᠵᠤ᠂ ᠰᠡᠭᠦᠯᠴᠢ ᠶᠢᠨ ᠬᠤᠭᠤᠴᠠᠭᠠᠨ ᠳᠤ 50 ᠳ᠋ᠦᠩᠰᠢᠭᠤᠷ | ᠲᠥᠭᠦᠷᠢᠭ ᠪᠡᠯᠡ ᠣᠷᠣᠭᠤᠯᠤᠨ 100 ᠲᠦᠮᠡᠨ ᠮᠦ ᠬᠥᠷᠥᠰᠥ ᠰᠢᠷᠣᠢ ᠶᠢ ᠰᠠᠶᠢᠵᠢᠷᠠᠭᠤᠯᠬᠤ᠂ 30 ᠳ᠋ᠦᠩᠰᠢᠭᠤᠷ | ᠲᠥᠭᠦᠷᠢᠭ ᠪᠡᠯᠡ ᠣᠷᠣᠭᠤᠯᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ | ᠰᠠᠭᠤᠷᠢᠨ ᠭᠠᠵᠠᠷ ᠢ ᠪᠠᠶᠢᠭᠤᠯᠬᠤ᠂ 20 ᠳ᠋ᠦᠩᠰᠢᠭᠤᠷ ᠲᠥᠭᠦᠷᠢᠭ ᠪᠡᠯᠡ ᠣᠷᠣᠭᠤᠯᠤᠨ ᠣᠲᠣ ᠦᠶ᠎ᠡ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ᠂ 10 ᠳ᠋ᠦᠩᠰᠢᠭᠤᠷ ᠲᠥᠭᠦᠷᠢᠭ ᠪᠡᠯᠡ | ᠣᠷᠣᠭᠤᠯᠤᠨ ᠣᠷᠭᠠᠨᠢᠭ ᠪᠤᠰᠤ ᠨᠤᠨᠳᠠᠭ ᠪᠡᠶᠡᠲᠦ ᠬᠥᠨᠳᠡᠢ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ | ᠲᠦᠯᠦᠪᠯᠡᠭᠡ ᠶᠢ ᠬᠡᠯᠡᠵᠦ ᠪᠤᠢ᠃ | |