ᠲᠠᠶᠢᠹᠤᠰᠧ ᠬᠤᠰᠢᠭᠤ ᠰᠢᠨ᠎ᠡ ᠪᠠᠷ ᠲᠣᠮᠢᠯᠠᠭᠳᠠᠭᠰᠠᠨ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/11
  1 ᠰᠠᠷ᠎ᠠ ᠶᠢᠨ 10 ᠤ ᠡᠳᠦᠷ᠂ ᠲᠠᠶᠢᠹᠤᠰᠧ ᠬᠤᠰᠢᠭᠤ ᠰᠢᠨ᠎ᠡ ᠪᠠᠷ ᠲᠤᠰᠢᠶᠠᠯ ᠳᠤ ᠭᠠᠷᠤᠭᠰᠠᠨ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠯᠭ᠎ᠠ ᠶᠢᠨ ᠬᠤᠷᠠᠯ ᠢ ᠬᠢᠵᠦ᠂  ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷᠴᠤᠳ ᠢ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠲᠤᠷᠤᠶᠢᠳᠠᠯ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢᠶᠠᠨ ᠪᠠᠬᠢᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠣᠨᠣᠪᠴᠢᠲᠠᠶ ᠡᠵᠡᠮᠳᠡᠨ᠂ ᠠᠯᠢ ᠲᠦᠷᠭᠡᠨ ᠢᠶᠠᠷ ᠠᠵᠢᠯ ᠤᠨ ᠪᠠᠶᠢᠷᠢ ᠳᠠᠭᠠᠨ ᠵᠣᠬᠢᠴᠠᠵᠤ᠂ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠰᠠᠨᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ  ᠰᠢᠶᠧ ᠶᠢᠨ ᠳ᠋ᠦᠩ ᠬᠤᠷᠠᠯ ᠳᠤ  ᠤᠷᠤᠯᠴᠠᠵᠤ ᠶᠠᠷᠢᠶ᠎ᠠ ᠲᠠᠯᠪᠢᠬᠤ ᠳᠠᠭᠠᠨ᠂  ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠺᠠᠳ᠋ᠷᠴᠤᠳ ᠡᠷᠭᠡᠪᠰᠢ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠤᠯᠤᠰ ᠲᠥᠷᠥ ᠶᠢᠨ ᠲᠠᠯ᠎ᠠ ᠪᠠᠷ ᠴᠠᠭᠠᠷᠠᠭᠰᠠᠨ ᠮᠡᠷᠭᠡᠨ ᠬᠥᠮᠥᠨ ᠪᠣᠯᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠬᠢᠵᠦ ᠦᠢᠯᠡᠰ ᠪᠦᠳᠦᠭᠡᠬᠦ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠪᠠᠭ ᠢ ᠠᠳᠬᠤᠨ ᠡᠩᠨᠡᠭᠡ ᠶᠢ ᠳᠠᠭᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠠᠭᠠᠭᠤᠯᠤᠭᠴᠢ ᠪᠣᠯᠬᠤ ᠬᠡᠷᠡᠭᠲᠡᠢ᠃ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ  ᠂ ᠠᠷᠢᠭᠤᠨ ᠴᠢᠬᠡᠴᠢ ᠬᠥᠮᠥᠨ ᠪᠣᠯᠬᠤ ᠬᠡᠷᠡᠭᠲᠡᠢ  ᠃  2023 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠦᠬᠦ ᠬᠤᠰᠢᠭᠤᠨ ᠤ ᠬᠥᠭᠵᠢᠯᠲᠡ ᠥᠭᠡᠷᠡᠴᠢᠯᠡᠯᠲᠡ ᠶᠢᠨ ᠰᠢᠨ᠎ᠡ ᠴᠢᠭᠯᠡᠯ᠂ ᠰᠢᠨ᠎ᠡ ᠬᠤᠪᠢᠷᠠᠯᠲᠠ ᠶᠢᠨ ᠡᠮᠦᠨ᠎ᠡ᠂ ᠨᠠᠮ ᠠᠷᠠᠳ ᠲᠦᠮᠡᠨ ᠠᠴᠠ ᠪᠢᠳᠡᠨ ᠳᠤ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠳᠤ ᠡᠷᠬᠡᠪᠰᠢ ᠪᠤᠯᠪᠠᠰᠤᠷᠠᠵᠤ ᠴᠠᠭᠠᠷᠠᠭᠰᠠᠨ ᠬᠢᠷᠢ ᠴᠢᠳᠠᠪᠤᠷᠢ ᠶᠢ ᠪᠦᠷᠢᠯᠳᠦᠬᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠨ᠂ ᠰᠤᠷᠤᠯᠴᠠᠨ ᠲᠤᠤᠱᠯᠠᠭᠤᠯᠬᠤ ᠤᠬᠠᠮᠰᠠᠷᠲᠤ ᠴᠢᠨᠠᠷ᠂ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ  ᠬᠦᠰᠡᠯᠡᠩ   ᠢᠶᠠᠨ ᠪᠠᠳᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠣᠯᠭᠠᠨ ᠬᠤᠪᠢᠷᠠᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠱᠠᠲᠤ  ᠨᠢ ᠳᠣᠣᠷᠠᠳᠤ ᠱᠠᠲᠤ ᠪᠠᠨ ᠳᠠᠭᠠᠭᠤᠯᠬᠤ ᠶᠢ  ᠪᠠᠷᠢᠮᠳᠠᠯᠠᠨ᠂ ︽ᠲᠦᠷᠦᠭᠦᠴᠢ ᠬᠤᠨ ᠤ ᠦᠢᠯᠡᠳᠦᠯ︾  ᠢ ᠰᠠᠶᠢᠲᠤᠷ ᠪᠠᠳᠠᠷᠠᠭᠤᠯᠵᠤ᠂ ᠤᠳᠤᠷᠢᠳᠬᠤ ᠪᠠᠭ ᠤᠨ ᠭᠡᠰᠢᠬᠦᠳ ᠪᠠ ᠺᠠᠳ᠋ᠷ ᠤᠨ ᠡᠩᠨᠡᠭᠡᠨ ᠤ ᠠᠷᠢᠭᠤᠨ ᠴᠢᠬᠡᠴᠢ ᠶᠢᠨ ᠬᠥᠮᠦᠵᠢᠯ ᠂ ᠡᠳᠦᠷ ᠳᠤᠳᠤᠮ ᠤᠨ ᠬᠢᠨᠠᠯᠳᠠ ᠬᠠᠮᠢᠶᠠᠷᠤᠯᠲᠠ ᠶᠢ  ᠴᠢᠩᠭᠠᠳᠬᠠᠨ᠂  ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂  ᠰᠢᠨ᠎ᠡ ᠪᠠᠷ ᠲᠤᠰᠢᠶᠠᠯ ᠳᠤ ᠭᠠᠷᠤᠭᠰᠠᠨ ᠤᠳᠤᠷᠢᠳᠬᠤ ᠺᠠᠳ᠋ᠷᠴᠤᠳ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠨ ᠪᠥᠬᠦ ᠬᠥᠮᠥᠰ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ  ᠦᠵᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号