ᠪᠥᠬᠦ ᠠᠶᠢᠮᠠᠭ ᠤᠨ ᠰᠢᠭᠦᠬᠦ ᠬᠤᠷᠢᠶᠠᠨ ᠤ ᠰᠢᠰᠲ᠋ᠧᠮ ᠤᠨ ︽ᠴᠠᠭᠳᠠᠭ᠎ᠠ ᠶᠢᠨ ᠪᠠᠶᠠᠷ︾  ᠤᠨ  ᠰᠠᠶᠢᠰᠢᠶᠠᠨ ᠬᠦᠬᠢᠬᠦᠯᠬᠦ  ᠬᠤᠷᠠᠯ ᠲᠠᠶᠢᠹᠤᠰᠧ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2023/1/11
  1 ᠰᠠᠷ᠎ᠠ ᠶᠢᠨ 10 ᠤ ᠡᠳᠦᠷ᠂ ᠪᠥᠬᠦ ᠠᠶᠢᠮᠠᠭ ᠤᠨ ᠰᠢᠭᠦᠬᠦ ᠬᠤᠷᠢᠶᠠᠨ ᠤ ᠰᠢᠰᠲ᠋ᠧᠮ ᠤᠨ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾  ᠲᠤ ᠵᠤᠷᠢᠭᠤᠯᠤᠭᠰᠠᠨ ᠰᠠᠶᠢᠰᠢᠶᠠᠨ ᠬᠦᠬᠢᠬᠦᠯᠬᠦ  ᠠᠵᠢᠯᠯᠠᠭ᠎ᠠ ᠵᠢᠴᠢ ᠰᠢᠯᠢ ᠶᠢᠨ ᠭᠤᠣᠯ ᠠᠶᠢᠮᠠᠭ ᠤᠨ ᠰᠢᠭᠦᠬᠦ ᠬᠤᠷᠢᠶᠠᠨ ᠤ ᠰᠢᠰᠲ᠋ᠧᠮ ᠤᠨ ᠬᠠᠤᠯᠢ ᠶᠢᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠲᠠᠶᠢᠹᠤᠰᠧ ᠬᠤᠰᠢᠭᠤᠨ ᠤ ᠰᠢᠭᠦᠬᠦ ᠬᠤᠷᠢᠶ᠎ᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ  ᠤ ᠬᠠᠤᠯᠢ ᠶᠢᠨ ᠴᠠᠭᠳᠠᠭ᠎ᠠ ᠶᠢᠨ ᠶᠡᠷᠦᠩᠬᠡᠢ ᠠᠩᠭᠢ ᠶᠢᠨ ᠺᠣᠮᠢᠰᠰᠠᠷ ᠯᠢ ᠰᠢᠶᠣᠣ ᠵᠧᠦ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠯᠠᠩ ᠰᠥᠩ ᠴᠢᠩ᠂   ᠲᠠᠶᠢᠹᠤᠰᠧ ᠬᠤᠰᠢᠭᠤᠨ ᠤ ᠨᠠᠮ  ᠤᠨ ᠬᠤᠷᠢᠶᠠᠨ ᠤ ᠱᠦᠵᠢ ᠵᠣᠣ ᠹᠧᠢ ᠫᠧᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠡᠷᠬᠢᠯᠡᠭᠴᠢ ᠯᠢ ᠵᠠᠨ ᠷᠦᠢ ᠵᠢᠴᠢ ᠰᠢᠯᠢ ᠶᠢᠨ ᠭᠤᠣᠯ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠲᠠᠶᠢᠹᠤᠰᠧ ᠬᠤᠰᠢᠭᠤᠨ ᠤ ᠰᠢᠭᠦᠬᠦ ᠬᠤᠷᠢᠶᠠᠨ ᠤ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃  ᠯᠠᠩ ᠰᠦᠩ ᠴᠢᠩ᠂ ᠵᠤᠤ ᠹᠧᠢ  ᠫᠧᠩ ᠤᠷᠢᠳ ᠬᠤᠵᠢᠳ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠣᠯᠣᠨ  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ ᠪᠠᠶᠠᠷ ᠤᠨ ᠦᠭᠡ ᠬᠡᠯᠡᠵᠦ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ  ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠪᠠᠢ ᠶᠦᠩ ᠫᠢᠩ  ᠰᠠᠶᠢᠰᠢᠶᠠᠨ ᠬᠦᠬᠢᠬᠦᠯᠬᠦ ᠲᠣᠭᠲᠠᠭᠠᠯ ᠢ ᠤᠩᠰᠢᠨ ᠨᠡᠶᠢᠳᠡᠯᠡᠵᠦ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠠᠴᠠ ᠪᠥᠬᠦ ᠠᠶᠢᠮᠠᠭ ᠤᠨ ︽ᠰᠢᠯᠢᠳᠡᠭ ᠬᠠᠤᠯᠢ ᠶᠢᠨ ᠴᠠᠭᠳᠠᠭ᠎ᠠ︾ ᠂ ︽ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠴᠢ ︾  ᠂ ︽ᠰᠢᠯᠢᠳᠡᠭ ᠬᠠᠤᠯᠢ ᠶᠢᠨ ᠴᠠᠭᠳᠠᠭ᠎ᠠ ᠶᠢᠨ ᠬᠠᠮᠲᠤ ᠨᠢᠬᠡᠴᠡ︾  ᠵᠡᠷᠭᠡ ᠳᠤ ᠱᠠᠩᠨᠠᠯ ᠭᠠᠷᠳᠠᠭᠤᠯᠪᠠ᠃  ᠰᠠᠶᠢᠰᠢᠶᠠᠨ ᠬᠦᠬᠢᠬᠦᠯᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠯᠢ ᠰᠢᠶᠣᠣ ᠵᠧᠦ᠂ ᠯᠠᠩ ᠰᠥᠩ ᠴᠢᠩ᠂ ᠵᠣᠣ ᠹᠧᠢ ᠫᠧᠩ᠂ ᠯᠢ ᠯᠢ ᠵᠢᠶᠦ᠋ᠨ ᠵᠡᠷᠭᠡ ᠤᠳᠤᠷᠢᠳᠤᠯᠭ᠎ᠠ ᠠᠴᠠ ᠰᠢᠯᠢ ᠶᠢᠨ ᠭᠤᠣᠯ ᠠᠶᠢᠮᠠᠭ ᠤᠨ ᠰᠢᠭᠦᠬᠦ ᠬᠤᠷᠢᠶᠠᠨ ᠤ ᠰᠢᠰᠲ᠋ᠧᠮ ᠤᠨ ᠬᠠᠤᠯᠢ ᠶᠢᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ   ᠶᠢ  ᠰᠡᠬᠦᠭᠰᠡᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠨᠢ ᠪᠦᠬᠦ ᠠᠶᠢᠮᠠᠭ ᠤᠨ ᠰᠢᠭᠦᠬᠦ ᠬᠤᠷᠢᠶᠠᠨ ᠤ ᠬᠠᠤᠯᠢ ᠶᠢᠨ ᠴᠠᠭᠳᠠᠭ᠎ᠠ ᠶᠢᠨ ᠡᠩᠨᠡᠭᠡᠨ ᠤ ᠬᠥᠭᠵᠢᠯᠲᠡ ᠶᠢᠨ ᠶᠠᠪᠤᠴᠠ ᠳᠠᠬᠢ ᠶᠡᠭᠡ ᠶᠠᠪᠤᠳᠠᠯ ᠪᠠᠶᠠᠷᠲᠤ ᠶᠠᠪᠤᠳᠠᠯ  ᠪᠠᠶᠢᠵᠤ᠂ ᠪᠦᠬᠦ ᠠᠶᠢᠮᠠᠭ ᠤᠨ ᠬᠠᠤᠯᠢ ᠶᠢᠨ ᠴᠠᠭᠳᠠᠭ᠎ᠠ ᠶᠢᠨ ᠰᠢᠨ᠎ᠡ ᠠᠶᠠᠨ ᠵᠠᠮ ᠳᠠᠭᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ᠨᠡᠩ ᠴᠢᠩᠭ᠎ᠠ ᠲᠡᠦᠬᠡ ᠶᠢᠨ ᠡᠭᠦᠷᠭᠡᠲᠦ ᠰᠡᠳᠬᠢᠯᠭᠡ ᠪᠣᠯᠣᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠤᠬᠠᠶᠢᠯᠠᠭᠰᠠᠨ ᠠᠵᠢᠯ ᠳᠠᠭᠠᠨ ᠣᠷᠤᠯᠴᠠᠬᠤ  ᠳᠤ ᠶᠡᠬᠡᠬᠡᠨ ᠵᠤᠷᠢᠬᠵᠢᠭᠤᠯᠤᠯ ᠪᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号