ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/1/11
   ᠲᠠᠶᠢᠹᠤᠰᠧ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠨᠡᠶᠢᠲᠡᠯᠡᠭᠰᠡᠨ ᠴᠢᠬᠤᠯᠠ ᠴᠠᠭ ᠠᠭᠤᠷ ᠤᠨ ᠮᠡᠳᠡᠭᠡ ᠶᠢ ᠦᠨᠳᠦᠰᠦᠯᠡᠪᠡᠯ᠂ ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠢᠶᠠᠷ 1 ᠰᠠᠷ᠎ᠠ ᠶᠢᠨ 12 ᠤᠨ ᠰᠥᠨᠢ ᠠᠴᠠ 14 ᠤ ᠡᠳᠦᠷ ᠪᠣᠯᠲᠠᠯ᠎ᠠ  ᠲᠠᠶᠢᠹᠤᠰᠧ ᠬᠤᠰᠢᠭᠤᠨ ᠳᠤ ᠲᠡᠭᠷᠢ ᠬᠦᠢᠳᠡᠷᠡᠵᠦ ᠴᠠᠰᠤ ᠣᠷᠣᠬᠤ  ᠪᠣᠯᠣᠨ᠎ᠠ᠃  ᠬᠡᠬᠦ ᠳᠡᠭᠡᠨ᠂ ᠠᠭᠠᠷ ᠤᠨ ᠳᠤᠯᠠᠭᠠᠨ 12~14℃ ᠳᠣᠷᠣᠭᠰᠢᠯᠠᠵᠤ᠂ ᠬᠡᠰᠡᠭ ᠭᠠᠵᠠᠷ ᠲᠤ 16℃ ᠢᠯᠡᠬᠦᠦ ᠲᠤᠷᠤᠭᠰᠢᠯᠠᠨ᠂ 14 ᠤ ᠥᠷᠯᠥᠭᠡ ᠪᠤᠯᠬᠤ ᠳᠤ  ᠬᠠᠮᠤᠭ ᠳᠣᠣᠷ᠎ᠠ ᠠᠭᠠᠷ ᠤᠨ ᠳᠤᠯᠠᠭᠠᠨ  -29~-25℃ ᠬᠦᠷᠬᠦ ᠲᠦᠯᠦᠪ ᠲᠠᠢ᠃  12 ᠤᠨ ᠰᠥᠨᠢ ᠠᠴᠠ 13 ᠤ ᠡᠳᠦᠷ ᠪᠣᠯᠲᠠᠯ᠎ᠠ  ᠪᠠᠭ᠎ᠠ   ᠠᠴᠠ ᠳᠤᠮᠳᠠ ᠵᠡᠷᠭᠡ ᠶᠢᠨ ᠴᠠᠰᠤ  ᠤᠷᠤᠨ᠎ᠠ᠂ ᠰᠠᠯᠬᠢᠨ ᠤ ᠬᠦᠴᠦ ᠨᠡᠯᠢᠶᠡᠳ ᠶᠡᠭᠡ᠂  ᠪᠠᠷᠠᠭᠤᠨ ᠡᠮᠦᠨ᠎ᠡ ᠠᠴᠠ 5 ᠲᠠᠰ ︵ ᠭᠡᠰᠡᠭ ᠲᠡᠭᠡᠨ 6 ᠲᠠᠰ︶ ᠤᠨ ᠰᠠᠯᠬᠢ ᠰᠠᠯᠬᠢᠯᠠᠵᠤ ᠪᠠᠶᠢᠭᠰᠠᠨ ᠢᠶᠠᠨ ᠵᠡᠭᠦᠨ  ᠬᠤᠶᠢᠨ᠎ᠠ ᠠᠴᠠ  ᠰᠠᠯᠬᠢᠯᠠᠵᠤ᠂  ᠵᠠᠮ ᠲᠡᠭᠡᠷ᠎ᠡ ᠴᠠᠰᠤ ᠬᠤᠷᠠᠬᠤ ᠪᠤᠶᠤ  ᠮᠦᠰᠦᠳᠡᠬᠦ ᠪᠤᠯᠤᠮᠵᠢ ᠲᠠᠢ᠃  ᠡᠨᠡ ᠤᠳᠠᠭᠠᠨ ᠤ ᠴᠠᠭ ᠠᠭᠤᠷ ᠤᠨ ᠪᠠᠶᠢᠳᠠᠯ  ᠳᠤ ᠴᠢᠭᠯᠡᠭᠦᠯᠦᠨ᠂ ᠲᠠᠶᠢᠹᠤᠰᠧ ᠬᠤᠰᠢᠭᠤᠨ ᠤ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠡᠯ᠎ᠡ ᠰᠤᠮᠤ ᠰᠢᠶᠠᠩ ᠪᠠᠯᠭᠠᠰᠤ  ᠪᠠ ᠬᠠᠮᠢᠶ᠎ᠠ ᠪᠦᠬᠦᠢ ᠨᠢᠬᠡᠴᠡ ᠳᠤ ᠰᠠᠨᠠᠭᠤᠯᠬᠤ ᠨᠢ᠄ᠨᠢᠭᠡ ᠳᠤ᠂ ᠡᠨᠡ ᠤᠳᠠᠭᠠᠨ ᠤ ᠬᠦᠢᠲᠡᠨ ᠤᠷᠤᠰᠬᠠᠯ ᠤᠨ ᠨᠥᠯᠥᠭᠡᠯᠡᠬᠦ ᠬᠡᠪᠴᠢᠶ᠎ᠡ ᠨᠢ ᠥᠷᠭᠡᠨ᠂ ᠳᠤᠯᠠᠭᠠᠨ ᠤ ᠲᠤᠷᠤᠭᠰᠢᠯᠠᠯᠳᠠ ᠨᠢ ᠶᠡᠭᠡ ᠪᠣᠯᠬᠤᠷ ᠬᠦᠢᠲᠡᠨ ᠠᠴᠠ ᠰᠡᠷᠭᠡᠶᠢᠯᠡᠵᠦ ᠲᠤᠯᠠᠭᠠᠯᠠᠭ᠎ᠠ ᠪᠠᠨ ᠪᠠᠳᠤᠯᠠᠬᠤ  ᠂ ᠬᠤᠪᠴᠠᠰᠤ ᠬᠤᠨᠠᠷ ᠢᠶᠠᠨ ᠵᠤᠵᠠᠭᠠᠯᠠᠬᠤ᠂  ᠭᠠᠳᠠᠭᠰᠢ ᠭᠠᠷᠬᠤ ᠪᠠᠨ ᠪᠠᠭᠠᠰᠬᠠᠬᠤ᠂  ᠬᠠᠯᠳᠤᠷᠢᠵᠤ ᠣᠶᠢᠴᠢᠬᠤ ᠠᠴᠠ ᠰᠡᠷᠭᠡᠶᠢᠯᠡᠬᠦ  ᠶᠢ ᠣᠯᠠᠨ ᠲᠦᠮᠡᠨ ᠳᠤ ᠠᠩᠬᠠᠷᠤᠭᠤᠯᠵᠤ ᠰᠠᠨᠠᠭᠤᠯᠬᠤ ᠭᠡᠷᠡᠭᠳᠡᠢ᠃    ᠬᠤᠶᠠᠷ ᠲᠤ᠂ ᠭᠡᠰᠡᠭ ᠵᠠᠮ ᠳᠡᠭᠡᠷ᠎ᠡ ᠴᠠᠰᠤ  ᠮᠦᠰᠦ ᠲᠠᠢ  ᠪᠤᠯᠬᠤᠷ ᠥᠷᠭᠡᠨ ᠣᠯᠠᠨ ᠵᠢᠯᠣᠭᠤᠴᠢ ᠨᠠᠷ ᠮᠠᠰᠢᠨ  ᠢᠶᠠᠨ ᠯᠠᠪᠳᠠᠭᠤᠨ ᠵᠢᠯᠤᠭᠤᠳᠴᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃  ᠬᠦᠳᠡᠭᠡ ᠬᠡᠭᠡᠷ᠎ᠡ    ᠬᠠᠬᠢᠷ ᠬᠦᠢᠲᠡᠨ ᠮᠦᠷᠳᠡᠭᠡᠨ ᠰᠢᠭᠤᠷᠭᠠᠨ ᠲᠡᠭᠳᠡᠬᠦ  ᠪᠤᠯᠤᠮᠵᠢ ᠲᠠᠢ ᠲᠤᠯᠠ ᠬᠦᠳᠡᠭᠡ ᠬᠡᠭᠡᠷ᠎ᠡ ᠶᠠᠪᠤᠬᠤ ᠪᠠᠨ ᠠᠯᠢ ᠴᠢᠳᠠᠬᠤ ᠪᠠᠷ ᠪᠠᠭᠠᠰᠬᠠᠨ᠂ ᠮᠠᠯ ᠤᠨᠤᠭᠠᠨ ᠤ ᠪᠠᠨ ᠬᠠᠮᠢᠶᠠᠷᠤᠯᠲᠠ ᠶᠢ ᠴᠢᠩᠭᠠᠳᠬᠠᠵᠤ᠂ ᠬᠥᠮᠥᠨ ᠮᠠᠯ ᠬᠦᠯᠳᠡᠵᠦ ᠤᠰᠤᠭᠤᠬᠤ  ᠪᠤᠶᠤ  ᠲᠦᠭᠡᠷᠢᠵᠦ ᠭᠡᠭᠡᠭᠳᠡᠬᠦ ᠠᠴᠠ ᠵᠠᠶᠢᠯᠠᠰᠬᠢᠬᠦ ᠬᠡᠷᠡᠭᠲᠡᠢ᠃    ᠭᠤᠷᠪᠠ ᠳᠤ᠂  ᠰᠡᠷᠡᠮᠵᠢ ᠶᠢᠨ ᠮᠡᠳᠡᠭᠡ ᠶᠢ ᠴᠠᠭ ᠲᠤᠬᠠᠢ ᠳᠤᠨᠢ ᠲᠠᠷᠬᠠᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠡᠷᠳᠡ ᠠᠴᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠡᠷ ᠪᠠᠶᠢᠰᠢᠩ᠂  ᠬᠤᠷᠤᠭ᠎ᠠ ᠬᠠᠰᠢᠶ᠎ᠠ᠂ ᠢᠳᠡᠰᠢᠨ  ᠨᠤᠭᠤᠭᠠᠨ ᠤ ᠬᠦᠯᠡᠮᠵᠢ ᠵᠡᠷᠭᠡ ᠰᠠᠭᠤᠷᠢ  ᠲᠦᠬᠦᠭᠡᠷᠦᠮᠵᠢ ᠪᠠᠨ ᠴᠠᠭ ᠲᠤᠬᠠᠢ ᠳᠤᠨᠢ ᠰᠡᠯᠪᠢᠨ ᠪᠠᠬᠢᠯᠡᠵᠦ᠂ ᠴᠠᠰᠤᠨ ᠳᠤ ᠲᠠᠷᠤᠭᠳᠠᠵᠤ ᠨᠤᠷᠠᠬᠤ ᠠᠴᠠ ᠰᠡᠷᠭᠡᠶᠢᠯᠡᠨ᠂ ᠡᠯ᠎ᠡ ᠵᠦᠢᠯ ᠤᠨ ᠰᠡᠷᠭᠡᠶᠢᠯᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠨᠢ ᠤᠷᠢᠳᠴᠢᠯᠠᠨ ᠰᠡᠷᠡᠮᠵᠢᠯᠡᠬᠦᠯᠬᠦ ᠪᠠ  ᠵᠢᠯᠤᠭᠤᠳᠤᠨ ᠦᠢᠯᠡᠴᠢᠯᠡᠬᠦ ᠠᠵᠢᠯ ᠢ ᠰᠠᠶᠢᠲᠤᠷ ᠬᠢᠵᠦ᠂  ᠴᠠᠭ ᠠᠭᠤᠷ ᠤᠨ ᠪᠠᠶᠢᠳᠠᠯ ᠢ ᠡᠷᠦᠬᠡ ᠪᠣᠯᠭᠠᠨ ᠳᠤ ᠮᠡᠳᠡᠭᠳᠡᠬᠦ ᠬᠡᠷᠡᠭᠲᠡᠢ᠃    ᠳᠥᠷᠪᠡ ᠳᠤ᠂  ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠥᠪᠯᠡᠯ ᠤᠨ ᠭᠡᠰᠢᠬᠦᠨ ᠨᠢᠭᠡᠴᠡ ᠨᠦᠭᠦᠳ  ᠨᠢ ᠡᠨᠡ ᠤᠳᠠᠭᠠᠨ ᠤ ᠴᠠᠭ ᠠᠭᠤᠷ ᠤᠨ ᠪᠠᠶᠢᠳᠠᠯ ᠢ ᠦᠨᠳᠦᠰᠦᠯᠡᠨ᠂  ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠰᠠᠯᠠᠭ᠎ᠠ ᠮᠦᠴᠢᠷ ᠲᠤᠰ ᠠᠵᠢᠯ ᠲᠥᠷᠥᠯ ᠤᠨ ᠢᠶᠠᠨ ᠭᠠᠮᠰᠢᠭ ᠰᠡᠷᠭᠡᠶᠢᠯᠡᠬᠦ ᠠᠵᠢᠯ ᠢ ᠤᠷᠢᠳᠴᠢᠯᠠᠨ ᠪᠠᠶᠢᠷᠢᠯᠠᠭᠤᠯᠤᠨ᠎ᠠ᠃    ︵ᠨᠢᠭᠡ︶ ᠴᠠᠭ ᠠᠭᠤᠷ ᠤᠨ ᠰᠠᠯᠠᠭ᠎ᠠ ᠮᠦᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠨ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠤᠭᠤᠯᠵᠤ᠂  ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠠᠪᠬᠤ ᠳᠤᠨᠢ ᠪᠠᠳᠤᠯᠠᠭ᠎ᠠ ᠬᠠᠩᠭᠠᠬᠤ ᠬᠡᠷᠡᠭᠲᠡᠢ᠃ ︵ᠬᠤᠶᠠᠷ︶ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠪᠥᠬᠦ ᠬᠦᠴᠦᠨ ᠢᠶᠠᠷ  ᠪᠠᠳᠤᠯᠠᠨ᠂  ᠵᠠᠮ ᠨᠡᠪᠳᠡᠷᠡᠯᠬᠡ ᠶᠢᠨ ᠮᠡᠳᠡᠭᠡ ᠵᠠᠩᠭᠢ ᠶᠢ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠨ ᠴᠠᠭ ᠲᠤᠬᠠᠢ ᠳᠤᠨᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂  ᠭᠤᠣᠯ ᠪᠣᠯᠬᠤ ᠵᠠᠮ ᠱᠤᠭᠤᠮ ᠤᠨ ᠮᠥᠰᠥ ᠴᠠᠰᠤ ᠶᠢ ᠴᠠᠭ ᠲᠤᠬᠠᠢ ᠳᠤᠨᠢ ᠴᠡᠪᠡᠷᠯᠡᠨ᠂ ᠲᠡᠷᠭᠡ  ᠤᠨᠤᠭᠠᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ  ᠃ ︵ᠭᠤᠷᠪᠠ︶ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠵᠡᠷᠭᠡ ᠬᠠᠩᠭᠠᠯᠭ᠎ᠠ ᠶᠢᠨ ᠰᠠᠯᠠᠭ᠎ᠠ ᠮᠥᠴᠢᠷ ᠨᠢ ᠴᠢᠬᠤᠯᠠ ᠲᠦᠬᠦᠭᠡᠷᠦᠮᠵᠢ ᠶᠢᠨ ᠪᠠᠶᠢᠴᠠᠭᠠᠯᠲᠠ ᠶᠢ ᠴᠢᠩᠭᠠᠳᠬᠠᠨ᠂  ᠴᠠᠭ ᠠᠭᠤᠷ ᠠᠴᠠ ᠪᠣᠯᠤᠭᠰᠠᠨ ᠬᠠᠩᠭᠠᠯᠭ᠎ᠠ ᠶᠢᠨ ᠬᠡᠮᠵᠢᠶᠡᠨ ᠤ ᠨᠡᠮᠡᠭᠳᠡᠯ ᠪᠠ ᠲᠥᠬᠦᠭᠡᠷᠦᠮᠵᠢ ᠶᠢᠨ ᠰᠠᠭᠠᠳ ᠲᠣᠳᠬᠠᠷ ᠢ ᠴᠠᠭ ᠲᠤᠬᠠᠢ ᠳᠤᠨᠢ ᠠᠷᠭᠠᠴᠠᠵᠤ᠂ ᠬᠠᠩᠭᠠᠯᠭ᠎ᠠ ᠶᠢ ᠡᠷᠭᠡᠪᠰᠢ ᠪᠠᠳᠤᠯᠠᠬᠤ ᠬᠡᠷᠡᠭᠲᠡᠢ  ᠃ ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ  ᠨᠢ ᠬᠤᠲᠠ ᠶᠢᠨ ᠲᠣᠭᠤᠷᠢᠭ   ᠲᠠᠬᠢ ᠵᠠᠮ ᠤᠨ ᠴᠠᠰᠤ ᠮᠦᠰᠦ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠡᠷ ᠪᠠᠶᠢᠰᠢᠩ ᠤᠨ ᠳᠡᠭᠡᠪᠦᠷ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠵᠡᠷᠭᠡ ᠶᠢ ᠴᠠᠭ ᠲᠤᠬᠠᠢ ᠳᠤᠨᠢ ᠪᠠᠶᠢᠴᠠᠭᠠᠵᠤ᠂  ᠴᠢᠬᠤᠯᠠᠳᠠᠢ ᠦᠶᠡᠰ  ᠪᠠᠬᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ︵ᠲᠠᠪᠤ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ  ᠨᠢ ᠡᠯ᠎ᠡ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ  ᠨᠢ ᠡᠪᠡᠰᠦ ᠪᠣᠷᠳᠤᠭ᠎ᠠ ᠲᠡᠭᠡᠭᠡᠪᠦᠷᠢᠯᠡᠬᠦ ᠪᠠ ᠨᠥᠭᠡᠴᠡᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ︵ᠲᠤᠯᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠨᠢ ᠵᠢᠵᠢᠬᠦᠷ ᠤᠨ ᠠᠵᠢᠯ ᠢᠶᠠᠨ  ᠴᠢᠩᠭᠠᠳᠬᠠᠵᠤ᠂ ᠮᠡᠳᠡᠭᠡ ᠵᠠᠩᠭᠢ ᠬᠦᠷᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠪᠠᠴᠢᠮ ᠪᠠᠶᠢᠳᠠᠯ ᠢ ᠠᠷᠭᠠᠴᠠᠬᠤ᠂ ᠴᠠᠭ ᠠᠭᠤᠷ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ ᠴᠢᠩᠭᠠᠳᠬᠠᠵᠤ ᠂ ᠬᠢᠯᠪᠠᠷᠬᠠᠨ ᠡᠭᠦᠰᠬᠦ ᠭᠡᠨᠡᠳᠲᠡ ᠡᠭᠦᠰᠬᠦ ᠪᠠᠶᠢᠳᠠᠯ ᠳᠤ ᠬᠠᠨᠳᠤᠯᠭᠠᠳᠤ ᠴᠢᠨᠠᠷᠲᠠᠢ ᠰᠡᠷᠭᠡᠶᠢᠯᠡᠬᠦ ᠪᠠ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ  ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ ᠪᠠ  ᠦᠢᠯᠡᠴᠢᠯᠡᠭᠡ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃᡾︵ᠨᠠᠢᠮᠠ︶ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠲᠥᠯᠥᠪᠯᠡᠬᠦ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ  ᠃ ︵ᠶᠢᠰᠦ︶ ᠡᠯ᠎ᠡ ᠠᠵᠤ ᠠᠬᠤᠶᠢᠯᠠᠯ ᠤᠳ ᠨᠢ ᠠᠶᠤᠯᠬᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂  ᠰᠠᠯᠬᠢᠯᠠᠵᠤ ᠬᠦᠢᠳᠡᠷᠡᠬᠦ ᠠᠭᠤᠷ ᠠᠮᠢᠰᠬᠤᠯ ᠲᠣᠬᠢᠶᠠᠯᠳᠤᠪᠠᠯ ᠵᠠᠷᠢᠮ ᠠᠶᠤᠯᠲᠤ ᠴᠢᠨᠠᠷ  ᠲᠠᠢ ᠠᠵᠢᠯ ᠡᠬᠦᠷᠭᠡ ᠪᠠᠨ ᠴᠠᠭ ᠲᠤᠬᠠᠢ ᠳᠤᠨᠢ ᠵᠣᠭᠰᠤᠭᠠᠬᠤ  ᠭᠡᠷᠡᠭᠳᠡᠢ᠃    ᠲᠠᠪᠤ ᠳᠤ᠂ ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠢ ᠤᠳᠤᠷᠢᠳᠤᠯᠭ᠎ᠠ ᠲᠠᠭᠠᠭᠤᠯᠵᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃  ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠭᠡᠨᠡᠳᠲᠡ ᠶᠢᠨ ᠬᠡᠷᠡᠭ ᠢ ᠰᠢᠢᠳᠪᠦᠷᠢᠯᠡᠵᠦ ᠠᠪᠤᠷᠠᠨ ᠲᠤᠰᠠᠯᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠶᠢᠨ ᠬᠠᠮᠲᠤ᠂ ᠮᠡᠳᠡᠭᠡ ᠵᠠᠩᠭᠢ ᠬᠦᠷᠭᠡᠬᠦ ᠠᠵᠢᠯ ᠢ ᠬᠢᠨᠠᠮᠠᠭᠠᠢ ᠰᠠᠶᠢᠨ ᠬᠢᠬᠦ ᠬᠡᠷᠡᠭᠲᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号