ᠴᠠᠭᠠᠨ ᠰᠠᠷ᠎ᠠ ᠶᠢᠨ ᠬᠤᠭᠤᠴᠠᠭᠠᠨ ᠳᠤ ᠫᠤᠤᠵᠢᠩ ᠲᠠᠯᠪᠢᠬᠤ ᠲᠤᠬᠠᠢ ᠰᠠᠨᠠᠭᠤᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/1/11
ᠥᠷᠭᠡᠨ ᠤᠯᠠᠨ ᠰᠠᠭᠤᠭᠠᠯᠢ ᠠᠷᠠᠳ ᠲᠤ᠄     ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂  ᠫᠤᠤᠵᠢᠩ ᠠᠴᠠ ᠪᠤᠯᠤᠭᠰᠠᠨ ᠦᠬᠦᠯ ᠰᠢᠷᠬᠠᠳᠤᠯ ᠪᠠ ᠡᠳ᠋ ᠪᠣᠳᠠᠰ ᠤᠨ ᠬᠤᠬᠢᠷᠠᠯ ᠢ ᠰᠡᠷᠭᠡᠶᠢᠯᠡᠵᠦ᠂  ᠠᠷᠠᠳ ᠣᠯᠠᠨ ᠤ ᠠᠮᠤᠷ ᠠᠮᠤᠭᠤᠯᠠᠩ ᠪᠠᠶᠠᠷ ᠬᠥᠷ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ   ᠠᠴᠠ ᠲᠤᠰ ᠰᠠᠨᠠᠭᠤᠯᠭ᠎ᠠ ᠶᠢ ᠭᠠᠷᠭᠠᠪᠠ᠄     ᠨᠢᠭᠡ᠂  ᠫᠤᠤᠵᠢᠩ ᠬᠤᠳᠠᠯᠳᠤᠨ ᠠᠪᠬᠤ ᠳᠠᠭᠠᠨ ᠵᠥᠪᠰᠢᠶᠡᠷᠡᠯ ᠤᠨ ᠦᠨᠡᠮᠯᠡᠯ ᠲᠠᠢ ᠡᠵᠡᠩᠨᠡᠯᠲᠡ ᠶᠢᠨ ᠭᠠᠵᠠᠷ ᠢ ᠰᠣᠩᠭᠤᠬᠤ ᠬᠡᠷᠡᠭᠲᠡᠢ᠃     ᠬᠤᠶᠠᠷ᠂ ᠫᠤᠤᠵᠢᠩ ᠲᠠᠯᠪᠢᠬᠤ ᠳᠠᠭᠠᠨ ᠠᠭᠤᠵᠢᠮ ᠲᠡᠯᠬᠡᠬᠦᠦ ᠪᠥᠭᠡᠳ ᠠᠮᠤᠷ ᠲᠦᠪᠰᠢᠨ ᠲᠠᠯᠠᠪᠤᠷ ᠢ ᠰᠤᠩᠭᠤᠵᠤ᠂  ᠰᠠᠯᠬᠢᠨ ᠤ ᠲᠡᠭᠡᠷ᠎ᠡ ᠲᠠᠯ᠎ᠠ ᠠᠴᠠ ᠬᠠᠷᠠᠵᠤ ᠰᠣᠨᠢᠷᠬᠠᠬᠤ ᠬᠡᠷᠡᠭᠲᠡᠢ᠃     ᠭᠤᠷᠪᠠ᠂ ᠫᠤᠤᠵᠢᠩ ᠲᠠᠯᠪᠢᠬᠤ ᠠᠴᠠ ᠪᠠᠨ ᠡᠮᠦᠨ᠎ᠡ  ᠲᠠᠶᠢᠯᠪᠤᠷᠢ ᠶᠢ ᠨᠠᠷᠢᠨ ᠤᠩᠰᠢᠵᠤ᠂ ᠲᠠᠯᠪᠢᠬᠤ ᠳᠠᠭᠠᠨ ᠭᠠᠵᠠᠷ ᠲᠤ ᠯᠠᠪᠳᠠᠭᠤᠨ ᠪᠠᠶᠢᠷᠢᠰᠢᠭᠤᠯᠤᠨ᠎ᠠ᠂  ᠬᠠᠷᠢᠨ ᠭᠠᠷ ᠲᠠᠭᠠᠨ ᠪᠠᠷᠢᠵᠤ ᠪᠣᠯᠬᠤ ᠦᠭᠡᠢ᠃    ᠳᠥᠷᠪᠡ᠂ ᠫᠤᠤᠵᠢᠩ ᠤᠨ ᠭᠤᠤᠯ ᠨᠢ ᠤᠨᠲᠠᠷᠠᠬᠤ ᠵᠡᠷᠭᠡ ᠬᠡᠪ ᠤᠨ ᠪᠤᠰᠤ ᠪᠠᠶᠢᠳᠠᠯ ᠭᠠᠷᠪᠠᠯ ᠣᠶᠢᠷᠠᠲᠤᠵᠤ ᠪᠣᠯᠬᠤ ᠦᠭᠡᠢ᠃ ᠲᠤᠤᠭᠠᠷᠤᠭᠰᠠᠨ ᠦᠭᠡᠢ ᠫᠤᠤᠵᠢᠩ ᠢ ᠬᠤᠶᠠᠳᠠᠭᠢ ᠤᠳᠠᠭ᠎ᠠ ᠨᠣᠴᠣᠭᠠᠵᠤ ᠪᠣᠯᠬᠤ ᠦᠭᠡᠢ᠃ ᠨᠤᠴᠤᠭᠠᠭᠰᠠᠨ  ᠫᠤᠤᠵᠢᠩ ᠤᠨ ᠭᠠᠯ ᠢᠶᠠᠷ ᠪᠤᠰᠤᠳ ᠫᠤᠤᠵᠢᠩ ᠢ ᠨᠣᠴᠣᠭᠠᠵᠤ ᠪᠣᠯᠬᠤ ᠦᠭᠡᠢ᠃    ᠲᠠᠪᠤ᠂ ᠫᠤᠤᠵᠢᠩ ᠲᠠᠯᠪᠢᠬᠤ ᠳᠠᠭᠠᠨ ᠡᠪᠡᠰᠦ ᠲᠦᠯᠡᠭᠡ ᠠᠴᠠ ᠬᠤᠯᠠ ᠪᠠᠶᠢᠯᠭᠠᠵᠤ᠂ ᠨᠣᠴᠣᠭᠠᠭᠰᠠᠨ ᠫᠤᠤᠵᠢᠩ  ᠢᠶᠠᠨ ᠬᠦᠮᠦᠨ ᠪᠤᠶᠤ ᠲᠣᠰᠣ ᠳᠠᠮᠵᠢᠭᠤᠯᠬᠤ ᠬᠤᠭᠤᠯᠠᠢ᠂  ᠪᠤᠬᠢᠷ ᠤᠰᠤᠨ ᠤ ᠬᠤᠭᠤᠯᠠᠢ ᠵᠦᠭ ᠰᠢᠳᠡᠵᠦ  ᠬᠠᠶᠠᠬᠤ  ᠶᠢ ᠴᠡᠭᠡᠷᠯᠡᠨ᠎ᠡ  ᠃     ᠵᠢᠷᠭᠤᠭ᠎ᠠ᠂ ᠬᠡᠦᠬᠡᠳ ᠫᠤᠤᠵᠢᠩ ᠲᠠᠯᠪᠢᠬᠤ ᠳᠤ ᠲᠣᠮᠣᠴᠤᠤᠯ ᠨᠢ ᠬᠠᠷᠠᠵᠤ ᠬᠠᠮᠠᠭᠠᠯᠠᠨ᠎ᠠ  ᠂  ᠤᠨᠴᠠᠭᠠᠶᠢᠯᠠᠨ ᠠᠶᠤᠯᠳᠠᠢ ᠫᠤᠤᠵᠢᠩ ᠲᠠᠯᠪᠢᠬᠤ   ᠶᠢ ᠡᠷᠡᠰ ᠴᠡᠭᠡᠷᠯᠡᠨ᠎ᠡ᠃     ᠳᠣᠯᠤᠭ᠎ᠠ᠂ ᠨᠢᠭᠡ ᠯᠡ ᠤᠳᠠᠭ᠎ᠠ ᠳᠤ ᠶᠡᠭᠡ ᠬᠡᠮᠵᠢᠶᠡᠨ ᠤ ᠫᠤᠤᠵᠢᠩ ᠬᠤᠳᠠᠯᠳᠤᠨ ᠠᠪᠬᠤ ᠭᠡᠷᠡᠭ ᠦᠭᠡᠢ᠂  ᠫᠤᠤᠵᠢᠩ ᠠᠪᠴᠤ ᠨᠡᠶᠢᠲᠡ ᠶᠢᠨ ᠮᠠᠰᠢᠨ ᠳᠤ ᠰᠠᠭᠤᠵᠤ ᠪᠣᠯᠬᠤ ᠦᠭᠡᠢ᠃     ᠨᠠᠢᠮᠠ᠂  ᠪᠤᠯᠬᠤ ᠶᠢᠨ ᠲᠤᠳᠤᠷ᠎ᠠ ᠭᠡᠷ ᠪᠠᠶᠢᠰᠢᠩ ᠳᠠᠭᠠᠨ ᠫᠤᠤᠵᠢᠩ ᠲᠠᠷᠢ ᠬᠠᠳᠠᠭᠠᠯᠠᠬᠤ ᠦᠬᠡᠢ ᠪᠠᠶᠢᠵᠤ᠂  ᠢᠯᠠᠩᠭᠤᠶ᠎ᠠ ᠭᠠᠯ ᠴᠠᠬᠢᠯᠭᠠᠨ ᠤᠨ ᠵᠦᠢᠯ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠪᠤᠳᠠᠰ ᠠᠴᠠ ᠬᠤᠯᠠ ᠪᠠᠶᠢᠯᠭᠠᠬᠤ ᠬᠡᠷᠡᠭᠲᠡᠢ᠃     ᠶᠢᠰᠦ᠂  ᠫᠤᠤᠵᠢᠩ ᠢᠶᠠᠨ ᠲᠤᠬᠢᠳᠠᠢ ᠰᠠᠶᠢᠬᠠᠨ ᠬᠠᠳᠠᠭᠠᠯᠠᠵᠤ᠂ ᠮᠤᠤᠷ᠂ ᠨᠣᠬᠠᠢ᠂ ᠬᠤᠯᠤᠭᠠᠨ᠎ᠠ ᠂ ᠬᠤᠷᠣᠬᠠᠢ ᠤᠷᠠᠵᠤ  ᠬᠠᠵᠠᠵᠤ  ᠬᠡᠮᠡᠯᠢᠭᠰᠡᠨ ᠠᠴᠠ ᠪᠤᠯᠵᠤ  ᠫᠤᠤᠵᠢᠩ ᠨᠤᠴᠤᠵᠤ ᠳᠡᠯᠪᠡᠷᠡᠬᠦ ᠶᠢ ᠰᠠᠶᠢᠨ ᠰᠡᠷᠭᠡᠶᠢᠯᠡᠬᠦ ᠬᠡᠷᠡᠭᠲᠡᠢ᠃     ᠪᠢᠳᠠ ᠪᠦᠬᠦᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠰᠠᠶᠢᠬᠠᠨ᠂ ᠠᠮᠤᠷ ᠠᠮᠤᠭᠤᠯᠠᠩ᠂  ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ  ᠪᠤᠢ ᠪᠤᠯᠭᠠᠬᠤ ᠪᠠᠷ ᠴᠢᠷᠮᠠᠶᠢᠵᠠᠭᠠᠶ᠎ᠠ᠃ ᠲᠠ ᠪᠦᠬᠦᠨ ᠳᠤ ᠴᠠᠭᠠᠨ ᠰᠠᠷ᠎ᠠ ᠶᠢᠨ ᠪᠠᠶᠠᠷ ᠵᠢᠷᠭᠠᠯ ᠬᠦᠰᠡᠵᠦ ᠪᠠᠶᠢᠨ᠎ᠠ︕                                                                         ᠲᠠᠶᠢᠹᠤᠰᠧ  ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                                                                                      2023 ᠣᠨ ᠤ 1 ᠰᠠᠷ᠎ᠠ ᠶᠢᠨ 11 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号