ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠦᠵᠡᠯ ᠰᠠᠨᠠᠭᠠᠨ ᠤ ᠰᠠᠭᠤᠷᠢ ᠶᠢ | ᠪᠠᠲᠤᠳᠬᠠᠬᠤ ᠶᠢᠨ ᠲᠥᠯᠥᠭᠡ᠂ 1 ᠰᠠᠷ᠎ᠠ ᠶᠢᠨ 9 ᠤ ᠡᠳᠦᠷ ᠴᠢᠶᠠᠨ ᠶᠢᠨ ᠭᠧᠦ ᠪᠠᠯᠭᠠᠰᠤ 2022 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ | ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠹᠧᠩ ᠦ᠋ ᠬᠤᠷᠠᠯ ᠢ ᠡᠷᠭᠢᠯᠡᠵᠦ᠂ | ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠨ᠂ ᠠᠵᠢᠯ ᠦᠢᠯᠡᠰ ᠤᠨ | ᠨᠢᠭᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃ ᠬᠤᠷᠠᠯ ᠳᠡᠭᠡᠷ᠎ᠡ᠂ ᠤᠳᠤᠷᠢᠳᠬᠤ | ᠪᠠᠭ ᠤᠨ ᠭᠡᠰᠢᠬᠦᠳ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ︾ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠳᠦᠷᠢᠮ︾ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠤᠯᠴᠠᠬᠤ ᠳᠠᠭᠠᠨ ᠲᠠᠯᠪᠢᠭᠰᠠᠨ ᠴᠢᠬᠤᠯᠠ | ᠶᠠᠷᠢᠶ᠎ᠠ᠂ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠤᠯᠴᠠᠬᠤ ᠳᠠᠭᠠᠨ | ᠳᠤᠷᠠᠳᠤᠭᠰᠠᠨ ︽ᠲᠠᠪᠤ ᠶᠢ ᠪᠠᠲᠤ ᠡᠵᠡᠮᠳᠡᠬᠦ︾ ᠵᠡᠷᠭᠡ ᠠᠭᠤᠯᠭ᠎ᠠ ᠶᠢ ᠬᠠᠮᠳᠤ ᠳᠠᠭᠠᠨ ᠰᠤᠷᠤᠯᠴᠠᠭᠰᠠᠨ ᠪᠠᠶᠢᠨ᠎ᠠ᠃ | ᠬᠤᠷᠠᠯ ᠠᠴᠠ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠤᠶᠢᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠨᠠᠮ ᠤᠨ ᠰᠢᠨ᠎ᠡ ᠳᠦᠷᠢᠮ ᠢ ᠲᠡᠷᠡ ᠬᠡᠪ ᠢᠶᠠᠷ | ᠨᠢ ᠰᠤᠷᠤᠯᠴᠠᠨ ᠰᠤᠳᠤᠯᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠤᠨᠤᠯ ᠪᠠ ᠦᠢᠯᠡᠳᠦᠯᠭᠡ ᠶᠢ ᠭᠦᠢᠴᠡᠳ | ᠤᠶᠠᠯᠳᠤᠭᠤᠯᠵᠤ᠂ ᠤᠶᠠᠯᠳᠤᠯ ᠤᠨ ᠴᠡᠭ᠂ ᠬᠦᠴᠦᠯᠡᠯ ᠤᠨ ᠴᠡᠭ ᠢ ᠣᠨᠣᠪᠴᠢᠲᠠᠢ ᠣᠯᠵᠤ᠂ ᠡᠯ᠎ᠡ ᠲᠦᠷᠦᠯ ᠤᠨ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠶᠡᠭᠡ ᠲᠠᠯ᠎ᠠ ᠶᠢᠨ ᠣᠶᠢᠯᠠᠭᠠᠭᠳᠠᠬᠤᠨ᠂ | ᠪᠦᠬᠦ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠠᠵᠢᠯ ᠡᠭᠦᠷᠭᠡ ᠪᠠᠨ ᠲᠤᠭᠳᠠᠭᠠᠨ᠂ | ᠬᠥᠭᠵᠢᠯᠲᠡ ᠶᠢᠨ ᠴᠢᠭᠯᠡᠯ ᠢ ᠤᠷᠢᠳᠴᠢᠯᠠᠨ ᠰᠦᠪᠡᠭᠴᠢᠯᠡᠵᠦ᠂ ᠡᠷᠲᠡ ᠠᠴᠠ ᠮᠡᠳᠡᠬᠦ᠂ ᠲᠦᠷᠭᠡᠨ ᠬᠥᠳᠡᠯᠬᠦ᠂ | ᠣᠨᠣᠪᠴᠢᠲᠠᠢ ᠠᠳᠬᠤᠬᠤ᠂ ᠪᠣᠳᠠᠲᠠᠢ ᠬᠢᠬᠦ ᠶᠢ ᠪᠠᠲᠤᠯᠠᠬᠤ ᠶᠢᠨ ᠬᠠᠮᠲᠤ᠂ ᠬᠦᠨᠳᠦ ᠶᠡᠭᠡ ᠠᠮᠤᠷ ᠲᠦᠪᠰᠢᠨ ᠤ | ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ | ᠰᠠᠶᠢᠵᠢᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠶᠢᠨ ᠵᠡᠷᠭᠡᠪᠡᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠳᠠᠭᠤᠷᠢᠶᠠᠯ ᠪᠤᠯᠭᠠᠨ᠂ ᠡᠨᠡ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠢᠵᠦ᠂ ︽ ᠪᠦᠯᠬᠦᠮᠳᠡᠯ ︱ | ᠰᠢᠬᠦᠮᠵᠢᠯᠡᠯ︱ ᠪᠦᠯᠬᠦᠮᠳᠡᠯ︾ ᠤᠨ ᠴᠢᠭᠯᠡᠯᠲᠡ ᠶᠢ ᠲᠤᠤᠱᠯᠠᠭᠤᠯᠤᠨ᠂ ︽ᠨᠢᠭᠤᠷ ᠤᠯᠠᠶᠢᠯᠭᠠᠵᠤ ᠬᠥᠯᠥᠰᠦ | ᠭᠠᠷᠭᠠᠬᠤ︾ ᠬᠡᠯᠪᠡᠷᠢ ᠪᠠᠷ ︽ᠬᠤᠣᠷ ᠢ ᠭᠠᠳᠠᠭᠰᠢᠯᠠᠭᠤᠯᠬᠤ᠂ ᠡᠪᠡᠳᠴᠢᠨ ᠢ ᠵᠠᠰᠠᠬᠤ︾ ᠦᠷ᠎ᠡ ᠪᠦᠲᠦᠮᠵᠢ ᠳᠤ | ᠬᠦᠷᠴᠦ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠭ᠊ ᠤ᠋᠂ ᠥᠪᠡᠷ ᠢ ᠪᠠᠨ ᠰᠢᠨᠡᠴᠢᠯᠡᠬᠦ᠂ | ᠥᠪᠡᠷ ᠢ ᠪᠠᠨ ᠳᠡᠭᠡᠭᠰᠢᠯᠡᠭᠦᠯᠬᠦ ᠵᠣᠷᠢᠯᠭ᠎ᠠ ᠳᠤ ᠬᠦᠷᠬᠦ ᠪᠠᠷ ᠴᠢᠷᠮᠠᠶᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | |