ᠶᠦᠩ ᠹᠧᠩ ᠪᠠᠯᠭᠠᠰᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/1/11
  1 ᠰᠠᠷ᠎ᠠ ᠶᠢᠨ 10  ᠤ ᠡᠳᠦᠷ᠂ ᠶᠦᠩ ᠹᠧᠩ ᠪᠠᠯᠭᠠᠰᠤ  ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠰᠤᠷᠤᠯᠴᠠᠯᠭ᠎ᠠ ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠳᠤᠯᠤᠨ ᠶᠠᠷᠢᠯᠴᠠᠬᠤ ᠬᠤᠷᠠᠯ ᠢ  ᠬᠢᠵᠡᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠡᠷᠬᠢᠯᠡᠵᠦ᠂  ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠡᠨᠡ  ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ  ᠲᠤᠬᠠᠢ ᠪᠠᠶᠢᠷᠢᠯᠠᠭᠤᠯᠤᠯᠲᠠ ᠬᠢᠵᠦ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤᠷᠠᠯ  ᠲᠡᠭᠡᠷ᠎ᠡ᠂ ᠨᠠᠮ ᠤᠨ ᠬᠤᠷᠢᠳᠤᠭᠠᠷ  ᠶᠡᠭᠡ ᠬᠤᠷᠠᠯ ᠤᠨ ᠢᠯᠡᠳᠬᠡᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠶᠢᠰᠦᠨ ᠭᠤᠣᠯᠳᠠᠯᠭ᠎ᠠ ᠪᠣᠯᠣᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ︽ᠲᠥᠷᠥ ᠶᠢᠨ ᠶᠠᠪᠤᠳᠠᠯ ᠤᠨ ᠭᠡᠰᠢᠭᠦᠨ ᠸᠠᠩ ᠶᠦᠩ ᠤᠨ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠡᠭᠡᠷᠡᠬᠢ ᠶᠠᠷᠢᠶ᠎ᠠ︾ ᠵᠡᠷᠭᠡ ᠠᠭᠤᠯᠭ᠎ᠠ ᠶᠢ ᠰᠤᠷᠤᠯᠴᠠᠵᠠᠢ᠃ ᠡᠭᠦᠨ ᠤ ᠬᠠᠮᠲᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号