ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/1/12
 ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠠᠬᠠᠮᠠᠳ ᠨᠠᠮ ᠤᠨ ᠭᠡᠰᠢᠭᠦᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ ᠪᠠ ᠨᠢᠭᠲᠠᠷᠠᠭᠤᠯᠬᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 11 ᠤ ᠡᠳᠦᠷ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠯᠪᠠᠲᠠᠨ ᠤ ᠲᠣᠪᠴᠢᠶ᠎ᠠ ᠶᠢᠨ ᠳᠠᠷᠤᠭ᠎ᠠ ᠹᠠᠨ ᠶᠤᠸᠠᠨ ᠳ᠋ᠦᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂  ᠤᠯᠤᠰ ᠪᠠᠶᠢᠭᠤᠯᠤᠭᠳᠠᠬᠤ ᠠᠴᠠ ᠡᠮᠦᠨ᠎ᠡ ᠨᠠᠮ ᠳᠤ ᠤᠷᠤᠭᠰᠠᠨ ᠬᠡᠰᠡᠭ ᠠᠬᠠᠮᠠᠳ ᠨᠠᠮ ᠤᠨ ᠭᠡᠰᠢᠭᠦᠳ ᠢ ᠬᠠᠯᠠᠮᠵᠢᠯᠠᠨ ᠲᠣᠬᠤᠨᠢᠭᠤᠯᠵᠤ᠂  ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠳᠤ ᠬᠦᠷᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠪᠠᠷ᠎ᠠ ᠪᠤᠯᠵᠤ ᠲᠣᠬᠤᠨᠢᠭᠤᠯᠪᠠ᠃  ᠲᠤᠬᠤᠨᠢᠭᠤᠯᠬᠤ ᠪᠦᠯᠬᠦᠮ ᠤᠨ ᠬᠢᠨ ᠠᠬᠠᠮᠠᠳ ᠨᠠᠮ ᠤᠨ ᠭᠡᠰᠢᠭᠦᠨ ᠴᠢᠦ ᠹᠦ᠋ ᠷᠦᠩ ᠤᠨ ᠭᠡᠷ ᠲᠤ  ᠬᠦᠷᠴᠦ᠂   ᠪᠡᠶ᠎ᠡ ᠮᠠᠬᠠᠪᠤᠳ᠂ ᠣᠷᠣᠨ ᠰᠠᠭᠤᠴᠠ  ᠂ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂   ᠪᠣᠳᠠᠲᠠᠢ ᠬᠦᠴᠢᠷᠳᠡᠯ ᠪᠣᠯᠣᠨ ᠬᠦᠰᠡᠯ ᠱᠠᠭᠠᠷᠳᠠᠯᠭ᠎ᠠ ᠶᠢ ᠨᠢ ᠤᠶᠢᠯᠠᠭᠠᠭᠰᠠᠨ ᠤ ᠬᠠᠮᠲᠤ᠂ ᠠᠬᠠᠮᠠᠳ ᠨᠠᠮ ᠤᠨ ᠭᠡᠰᠢᠭᠦᠨ ᠤ ᠤᠯᠠᠨ ᠵᠢᠯ ᠤᠨ ᠲᠤᠷᠰᠢ ᠨᠠᠮ ᠤᠨ ᠦᠢᠯᠡᠰ᠂ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ  ᠳᠤᠨᠢ ᠲᠠᠯᠠᠷᠬᠠᠵᠤ ᠪᠠᠶᠢᠬᠤ ᠪᠠᠨ ᠢᠯᠡᠳᠭᠡᠵᠡᠢ᠃  ᠬᠠᠯᠠᠮᠵᠢᠯᠠᠯ ᠲᠣᠬᠤᠨᠢᠭᠤᠯᠤᠯ ᠢ ᠬᠦᠷᠳᠡᠭᠰᠡᠨ ᠠᠬᠠᠮᠠᠳ ᠨᠠᠮ ᠤᠨ ᠭᠡᠰᠢᠭᠦᠳ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂  ᠭᠡᠷᠡᠯ ᠭᠢᠯᠪᠠᠭ᠎ᠠ ᠪᠠᠨ ᠦᠷᠭᠦᠯᠵᠢᠯᠡᠨ ᠰᠠᠴᠤᠷᠠᠭᠤᠯᠵᠤ᠂  ᠲᠠᠶᠢᠹᠤᠰᠧ ᠬᠤᠰᠢᠭᠤᠨ ᠤ ᠪᠠᠨ ᠬᠥᠭᠵᠢᠯᠲᠡ ᠳᠤ ᠢᠳᠡᠪᠬᠢ ᠬᠦᠴᠦᠨ ᠨᠡᠮᠡᠷᠢᠯᠡᠨ᠎ᠡ︾ ᠭᠡᠵᠦ ᠢᠯᠡᠷᠬᠡᠶᠢᠯᠡᠵᠦ ᠪᠠᠶᠢᠯ᠎ᠠ᠃  ᠡᠨᠡ  ᠤᠳᠠᠭᠠᠨ ᠤ ᠲᠤᠬᠤᠨᠢᠭᠤᠯᠭ᠎ᠠ ᠨᠢ ᠠᠬᠠᠮᠠᠳ ᠨᠠᠮ ᠤᠨ ᠭᠡᠰᠢᠬᠦᠳ ᠤᠨ ᠰᠡᠳᠬᠢᠯ ᠢ ᠳᠤᠯᠠᠭᠠᠴᠠᠭᠤᠯᠵᠤ᠂ ᠠᠬᠠᠮᠠᠳ ᠨᠢᠭᠡ ᠦᠶ᠎ᠡ ᠶᠢᠨ ᠨᠠᠮ ᠤᠨ ᠭᠡᠰᠢᠭᠦᠨ ᠤ ᠵᠢᠳᠬᠦᠯ ᠴᠢᠷᠮᠠᠶᠢᠯᠭ᠎ᠠ ᠳᠤ ᠬᠦᠨᠳᠦᠳᠬᠡᠯ ᠲᠡᠪᠰᠢᠬᠦᠯᠦᠭᠰᠡᠨ   ᠤ ᠬᠠᠮᠳᠤ᠂  ᠬᠤᠶᠢᠴᠢ ᠦᠶ᠎ᠡ ᠶᠢᠨ ᠬᠢᠨ ᠤ ᠠᠬᠠᠮᠠᠳ ᠨᠢᠭᠡ ᠦᠶ᠎ᠡ ᠶᠢᠨ ᠨᠠᠮ ᠤᠨ ᠭᠡᠰᠢᠬᠦᠳ ᠤᠨ ᠰᠢᠯᠢᠳᠡᠭ ᠵᠠᠩ ᠴᠢᠨᠠᠷ ᠢ ᠪᠠᠳᠠᠷᠠᠭᠤᠯᠵᠤ᠂ ᠨᠠᠮ ᠤᠨ ᠰᠢᠯᠢᠳᠡᠭ ᠤᠯᠠᠮᠵᠢᠯᠠᠯ ᠢᠶᠠᠷ ᠬᠦᠴᠦᠨ ᠴᠢᠳᠠᠯ ᠢᠶᠠᠨ ᠨᠢᠬᠳᠠᠷᠠᠭᠤᠯᠬᠤ ᠳᠤ ᠤᠷᠮ᠎ᠠ ᠵᠤᠷᠢᠭ ᠨᠡᠮᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号