ᠵᠣᠣ ᠹᠧᠢ ᠫᠧᠩ ᠬᠤᠰᠢᠭᠤ  ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠵᠤ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/1/12
  1 ᠰᠠᠷ᠎ᠠ ᠶᠢᠨ 10 ᠤ ᠡᠳᠦᠷ᠂  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭᠠᠨ ᠤ ᠲᠣᠭᠤᠷᠢᠨ ᠳᠤ ᠰᠤᠳᠤᠯᠤᠨ ᠶᠠᠷᠢᠯᠴᠠᠬᠤ ᠬᠤᠷᠠᠯ ᠬᠢᠵᠦ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ  ᠤᠷᠤᠯᠴᠠᠭᠰᠠᠨ ᠪᠦᠭᠡᠳ ᠨᠠᠮ ᠤᠨ ᠬᠢᠴᠢᠶᠡᠯ  ᠤᠷᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂ ᠬᠤᠰᠢᠭᠤ ᠨᠠᠮ ᠤᠨ ᠬᠤᠷᠢᠶᠠᠨ ᠤ  ᠠᠯᠪᠠᠨ ᠭᠡᠷ ᠤᠨ ᠡᠷᠬᠢᠯᠡᠭᠴᠢ ᠵᠤᠤ ᠬᠠᠢ ᠯᠢ  ᠪᠠᠰᠠ ᠰᠤᠷᠤᠯᠴᠠᠯᠭ᠎ᠠ ᠳᠤ ᠣᠷᠣᠯᠴᠠᠵᠠᠢ᠃ ᠵᠣᠣ ᠹᠧᠢ ᠫᠧᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ  ᠪᠤᠯᠭᠠᠨ᠂ ᠰᠤᠷᠤᠯᠴᠠᠨ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠦᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠦᠵᠡᠯ ᠰᠠᠨᠠᠭᠠᠨ ᠤ ᠭᠤᠣᠯ ᠴᠢᠮᠦᠭᠡ ᠶᠢ ᠣᠨᠣᠪᠴᠢᠲᠠᠢ ᠤᠶᠢᠯᠠᠭᠠᠨ᠂ ︽ᠭᠤᠷᠪᠠᠨ ᠡᠷᠬᠡᠪᠰᠢ︾᠂ ︽ᠲᠠᠪᠤᠨ ᠵᠠᠪᠠᠯ ᠶᠠᠪᠤᠬᠤ ᠵᠠᠮ︾᠂ ︽ᠵᠢᠷᠭᠤᠭᠠᠨ ᠪᠠᠷᠢᠮᠲᠠᠯᠠᠯ︾ ᠵᠡᠷᠭᠡ ᠴᠢᠬᠤᠯᠠ ᠥᠭᠦᠯᠡᠯᠲᠡ ᠶᠢ ᠣᠨᠣᠪᠴᠢᠲᠠᠢ ᠣᠶᠢᠯᠠᠭᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠵᠦ᠂ ᠪᠠᠶᠢᠩᠭᠤ ᠤᠬᠠᠭᠠᠷᠠᠨ ᠪᠠᠶᠢᠩᠭᠤ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠢ᠃ ᠰᠣᠷᠣᠭᠰᠠᠨ ᠢᠶᠠᠨ ᠬᠡᠷᠡᠭᠯᠡᠬᠦ ᠲᠠᠯ᠎ᠠ ᠪᠠᠷ ᠦᠨᠡᠨ ᠪᠤᠳᠠᠳᠠᠢ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂  ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠤᠨ᠂ ᠬᠤᠶᠢᠰᠢᠳᠠ ᠶᠢᠨ ᠲᠥᠯᠥᠪᠯᠡᠭᠡ ᠪᠠᠨ ᠬᠢᠬᠦ ᠲᠠᠢ ᠤᠶᠠᠯᠳᠤᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃  ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠠᠵᠢᠯ ᠤᠨ ᠪᠠᠶᠢᠳᠠᠯ ᠢᠶᠠᠨ ᠪᠠᠲᠤᠯᠠᠵᠤ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠪᠠᠷ ᠠᠵᠢᠯ ᠤᠨ ᠡᠷᠴᠢ ᠵᠣᠷᠢᠭ ᠢᠶᠠᠨ ᠬᠦᠪᠴᠢᠯᠡᠨ᠂ ᠬᠠᠷᠠᠯᠲᠠ ᠡᠭᠦᠷᠭᠡ ᠪᠠᠨ ᠲᠣᠭᠲᠠᠭᠠᠵᠤ᠂ ᠡᠯ᠎ᠡ  ᠲᠦᠷᠦᠯ ᠤᠨ ᠠᠵᠢᠯ ᠢᠶᠠᠨ ᠪᠣᠳᠠᠲᠠᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠤᠨ  ᠭᠡᠰᠢᠬᠦᠳ ᠠᠴᠠ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号