ᠴᠠᠭᠠᠨ ᠰᠠᠷ᠎ᠠ ᠶᠢᠨ ᠬᠤᠭᠤᠴᠠᠭᠠᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/1/12
 ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠨ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠨ᠂  ᠠᠮᠤᠷ ᠲᠦᠪᠰᠢᠨ᠂ ᠪᠣᠯᠪᠠᠰᠤᠨ ᠰᠠᠶᠢᠬᠠᠨ᠂ ᠥᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢᠨ ᠲᠥᠯᠥᠭᠡ᠂ ᠭᠠᠯ ᠰᠡᠷᠭᠡᠶᠢᠯᠡᠬᠦ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ᠂ ᠮᠠᠨ ᠤ ᠬᠤᠰᠢᠭᠤᠨ ᠤ ᠪᠠᠨ ᠪᠣᠳᠠᠲᠠᠢ ᠲᠠᠢ ᠤᠶᠠᠯᠳᠤᠭᠤᠯᠵᠤ᠂  ᠠᠩᠬᠠᠷᠤᠭᠤᠰᠢᠳᠠᠢ ᠵᠦᠢᠯᠡᠰ ᠢ ᠤᠨᠴᠠᠭᠠᠶᠢᠯᠠᠨ ᠰᠠᠨᠠᠭᠤᠯᠵᠤ ᠪᠠᠶᠢᠨᠠᠮ᠄    ᠨᠢᠭᠡ᠂  ᠪᠣᠯᠪᠠᠰᠤᠨ ᠲᠠᠬᠢᠯᠭ᠎ᠠ ᠶᠢ ᠡᠷᠬᠢᠮᠯᠡᠨ᠎ᠡ᠃ ᠬᠠᠭᠤᠴᠢᠨ ᠶᠣᠰᠣ ᠪᠦᠳᠦᠭᠦᠯᠢᠭ ᠵᠠᠩᠰᠢᠯ ᠢᠶᠠᠨ ᠲᠠᠶᠠᠭᠳᠠᠵᠤ ᠂ ᠰᠣᠷᠭᠤᠭ ᠴᠡᠴᠡᠭ ᠪᠤᠶᠤ ᠬᠢᠮᠡᠯ ᠴᠡᠴᠡᠭ ᠢᠶᠠᠷ ᠴᠠᠭᠠᠰᠤᠨ ᠵᠣᠭᠤᠰ ᠬᠦᠵᠢ ᠵᠤᠯᠠ ᠶᠢ ᠤᠷᠤᠯᠠᠭᠤᠯᠤᠨ᠂ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠶᠡᠬᠡᠪᠡᠷ  ᠲᠡᠯᠬᠡᠷᠡᠬᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠭᠡᠮ ᠰᠣᠭᠤᠭ ᠢ ᠪᠠᠭᠠᠰᠬᠠᠬᠤ ᠬᠡᠷᠡᠭᠲᠡᠢ᠃    ᠬᠤᠶᠠᠷ᠂   ᠬᠦᠵᠢ ᠵᠤᠯᠠ ᠡᠷᠬᠦᠬᠦ᠂ ᠴᠠᠭᠠᠰᠤᠨ ᠵᠣᠭᠤᠰ ᠰᠢᠳᠠᠭᠠᠬᠤ᠂ ᠫᠤᠤᠵᠢᠩ ᠲᠠᠯᠪᠢᠬᠤ ᠴᠢᠬᠤᠯᠠᠳᠠᠢ ᠪᠤᠯ ᠤᠢ ᠮᠤᠳᠤ ᠵᠢᠴᠢ ᠡᠪᠡᠰᠦ ᠤᠷᠭᠤᠮᠠᠯ ᠠᠴᠠ ᠬᠤᠯᠠ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠠᠴᠠ ᠤᠨᠴᠠ ᠰᠡᠷᠡᠮᠵᠢᠯᠡᠬᠦ ᠭᠡᠷᠡᠭᠳᠡᠢ᠃ ᠵᠣᠬᠢᠰ ᠦᠭᠡᠢ ᠭᠠᠯ ᠬᠡᠷᠡᠭᠯᠡᠭᠰᠡᠨ ᠠᠴᠠ ᠪᠣᠯᠵᠤ  ᠭᠠᠯ ᠲᠦᠢᠮᠡᠷ ᠭᠠᠷᠪᠠᠯ᠂ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠵᠦ ᠴᠢᠩᠭ᠎ᠠ ᠰᠢᠳᠬᠡᠨ᠎ᠠ᠃    ᠭᠤᠷᠪᠠ᠂ ᠡᠯ᠎ᠡ ᠰᠤᠮᠤ ᠰᠢᠶᠠᠩ ᠪᠠᠯᠭᠠᠰᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠨᠢᠭᠡᠴᠡ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠭᠠᠵᠠᠷ ᠤᠷᠤᠨ ᠤ ᠬᠠᠮᠢᠶᠠᠷᠤᠯᠳᠠ ᠶᠢ ᠴᠢᠩᠭᠠᠳᠬᠠᠨ᠂  ᠳᠠᠯᠳᠠ ᠬᠡᠮ ᠢ  ᠪᠠᠶᠢᠴᠠᠭᠠᠨ ᠠᠷᠢᠯᠭᠠᠬᠤ ᠬᠡᠷᠡᠭᠲᠡᠢ᠃ ᠭᠠᠯ ᠲᠦᠢᠮᠡᠷ ᠢ ᠤᠨᠲᠠᠷᠠᠭᠠᠬᠤ  ᠦᠶᠡᠰ ᠡᠷᠬᠡᠪᠰᠢ ︽ᠬᠥᠮᠥᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ᠦᠬᠦᠵᠦ ᠰᠢᠷᠬᠠᠲᠤᠬᠤ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃     ᠳᠥᠷᠪᠡ᠂ ᠨᠠᠰᠤᠨ ᠳᠤ ᠥᠯᠥ ᠭᠦᠷᠦᠭᠰᠡᠳ ᠪᠠ ᠤᠢ ᠮᠡᠳᠡᠷᠡᠯ ᠤᠨ ᠡᠪᠡᠳᠴᠢᠲᠡᠨ ᠢ ᠬᠢᠨᠠᠵᠤ ᠬᠠᠮᠢᠶᠠᠷᠬᠤ ᠪᠠᠨ ᠴᠢᠩᠭᠠᠳᠬᠠᠵᠤ᠂  ᠭᠡᠷᠪᠡ ᠬᠢᠨᠠᠯᠳᠠ ᠬᠠᠮᠢᠶᠠᠷᠤᠯᠲᠠ ᠰᠤᠯᠠᠷᠠᠭᠰᠠᠨ ᠠᠴᠠ ᠪᠣᠯᠵᠤ ᠭᠠᠯ ᠠᠯᠳᠠᠪᠠᠯ ᠭᠡᠷ ᠤᠨ ᠠᠬᠠᠮᠠᠳ ᠪᠤᠶᠤ ᠬᠢᠨᠠᠨ ᠬᠠᠷᠠᠭᠠᠯᠵᠠᠬᠤ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃     ᠲᠠᠪᠤ᠂ 24 ᠴᠠᠭ ᠤᠨ ᠵᠢᠵᠢᠬᠦᠷ ᠤᠨ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠮᠡᠳᠡᠬᠦᠯᠬᠦ ᠤᠳᠠᠰᠤ᠂ ᠵᠢᠵᠢᠭᠦᠷᠯᠡᠬᠦ ᠤᠳᠠᠰᠤ ᠶᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃ ᠶᠠᠮᠠᠷᠪᠠ ᠨᠢᠭᠡᠴᠡ ᠪᠤᠶᠤ ᠬᠤᠪᠢ ᠬᠥᠮᠥᠨ ᠬᠡᠷᠪᠡ  ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠳᠠᠷᠤᠶᠢᠬᠠᠨ ᠮᠡᠳᠡᠭᠦᠯᠬᠦ ᠬᠡᠷᠡᠭᠲᠡᠢ᠃      ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠢ ᠮᠡᠳᠡᠬᠦᠯᠬᠦ ᠤᠲᠠᠰᠤ᠄ 12119     ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠤᠲᠠᠰᠤ᠄ 0479 ︱ 5238277                                                                  ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ             ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ                                                                                  2023 ᠣᠨ ᠤ 1 ᠰᠠᠷ᠎ᠠ ᠶᠢᠨ 12 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号