ᠬᠤ᠋ ᠴᠧᠩ ᠳ᠋ᠦᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/1/13
    1 ᠰᠠᠷ᠎ᠠ ᠶᠢᠨ 11 ᠤ ᠡᠳᠦᠷ᠂ ᠠᠶᠢᠮᠠᠭ ᠤᠨ ᠳᠡᠳ᠋ ᠳᠠᠷᠤᠭ᠎ᠠ  ᠬᠤ᠋ ᠴᠧᠩ ᠳ᠋ᠦᠩ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠤᠳᠤᠯᠭᠠᠨ ᠤ ᠲᠥᠪ᠂ ᠡᠨᠧᠷᠭᠢ ᠶᠢᠨ ᠲᠣᠪᠴᠢᠶ᠎ᠠ᠂  ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠲᠠᠭᠠᠭᠤᠯᠵᠤ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃  ᠬᠤ᠋ ᠴᠧᠩ ᠳ᠋ᠦᠩ ᠵᠡᠷᠭᠡ ᠬᠦᠮᠦᠰ ᠤᠷᠢᠳ ᠬᠤᠵᠢᠳ ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠵᠤ ᠦᠢᠯᠡᠳᠪᠦᠷᠢ ᠶᠢᠨ ᠰᠢᠭᠠᠷᠤ ᠶᠢᠨ ᠲᠠᠯᠠᠪᠠᠢ᠂ ᠰᠢᠯᠢ ᠶᠢᠨ ᠭᠤᠣᠯ ᠠᠶᠢᠮᠠᠭ ᠤᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠤᠤᠴᠠᠩ ᠠᠵᠤ ᠦᠢᠯᠡᠰ ᠤᠨ ᠬᠦᠷᠢᠶᠡᠯᠡᠩ ᠵᠢᠴᠢ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ᠂ ᠰᠢᠨ᠎ᠡ ᠪᠠᠷ ᠪᠣᠶ ᠪᠣᠯᠤᠭᠰᠠᠨ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ  ᠬᠡᠯᠬᠢᠶᠡᠨ ᠤ  ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠤᠭᠤᠷᠢᠭ ᠤᠨ ᠲᠥᠷᠥᠯ ᠵᠦᠢᠯ᠂  ᠤᠶᠤᠨᠴᠢ ᠬᠦᠷᠢᠶᠡᠯᠡᠩ ᠲᠣᠭᠤᠷᠢᠭ ᠤᠨ ᠵᠢᠯᠤᠭᠤᠳᠬᠤ ᠲᠥᠪ ᠤᠨ ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤ᠋ ᠴᠧᠩ ᠳ᠋ᠦᠩ ᠴᠢᠬᠤᠯᠠᠴᠢᠯᠠᠬᠤ ᠳᠠᠭᠠᠨ ᠂ ᠡᠯ᠎ᠡ ᠰᠠᠯᠠᠭ᠎ᠠ ᠮᠥᠴᠢᠷ ᠤᠨ ᠬᠢᠨ ᠡᠳᠡᠭᠡᠷ ᠲᠦᠷᠦᠯ ᠵᠦᠢᠯ ᠤᠳ ᠢ ᠬᠡᠯᠪᠡᠷᠢ  ᠪᠠᠨ ᠬᠤᠪᠢᠷᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠬᠤ ︽ᠬᠦᠴᠦᠷᠬᠡᠭ ᠬᠥᠳᠡᠯᠭᠡᠭᠦᠷ︾ ᠪᠠ ︽ᠬᠠᠲᠠᠭᠤ ᠲᠤᠯᠭᠠᠭᠤᠷᠢᠯᠠᠯ︾ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠴᠢᠩᠭᠠᠳᠬᠠᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠦᠷᠦᠯ ᠵᠦᠢᠯ ᠤᠨ ᠡᠷᠲᠡᠬᠡᠨ ᠪᠠᠶᠢᠭᠤᠯᠤᠭᠳᠠᠵᠤ ᠡᠷᠳᠡᠭᠡᠨ ᠠᠰᠢᠭᠯᠠᠭᠳᠠᠬᠤ ᠶᠢ ᠪᠠᠳᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠦᠷᠭᠦᠯᠵᠢᠯᠡᠨ ᠪᠦᠬᠦ ᠬᠦᠴᠦᠨ ᠢᠶᠠᠷ ᠴᠢᠷᠮᠠᠶᠢᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠦᠷᠦᠯ ᠵᠦᠢᠯ ᠤᠨ ᠶᠠᠰᠤ ᠴᠢᠨᠠᠷ ᠪᠣᠯᠣᠨ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠲᠦᠰᠦᠪ ᠲᠦᠯᠦᠪᠯᠡᠭᠡ ᠪᠠᠨ ᠰᠠᠶᠢᠳᠤᠷ ᠭᠡᠷᠡᠭᠵᠢᠬᠦᠯᠵᠦ᠂ ᠲᠦᠷᠦᠯ ᠵᠦᠢᠯ  ᠤᠨ ᠡᠷᠲᠡ  ᠪᠠᠶᠢᠭᠤᠯᠤᠭᠳᠠᠵᠤ ᠡᠷᠲᠡ ᠠᠰᠢᠭᠯᠠᠭᠳᠠᠬᠤ ᠶᠢ  ᠠᠬᠢᠭᠤᠯᠤᠨ᠂  ᠣᠷᠣᠨ ᠨᠤᠲᠤᠭ ᠤᠨ ᠠᠵᠤ ᠦᠢᠯᠡᠳᠪᠦᠷᠢ ᠶᠢᠨ ᠠᠵᠤ ᠠᠬᠤᠢ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠨᠡᠩ ᠶᠡᠭᠡ ᠰᠢᠨ᠎ᠡ ᠦᠷᠳᠡᠭ ᠢ ᠡᠭᠦᠳᠬᠦ ᠬᠡᠷᠡᠭᠲᠡᠢ᠃ ᠡᠭᠦᠨ ᠤ ᠬᠠᠮᠳᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠡᠮ ᠰᠣᠭᠤᠭ  ᠤᠨ ᠪᠠᠶᠢᠴᠠᠭᠠᠯᠳᠠ ᠴᠡᠭᠴᠡᠯᠡᠯᠳᠡ ᠶᠢ ᠢᠳᠡᠪᠬᠢᠲᠡᠢ  ᠦᠷᠨᠢᠬᠦᠯᠦᠨ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠢᠳᠡᠪᠬᠢᠲᠡᠢ ᠠᠵᠢᠯᠯᠠᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠢᠯᠡᠷᠡᠭᠰᠡᠨ ᠠᠰᠠᠭᠤᠳᠠᠯ ᠢ ᠴᠠᠭ ᠲᠤᠬᠠᠢ  ᠳᠤᠨᠢ ᠵᠣᠬᠢᠴᠠᠭᠤᠯᠤᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠥᠭᠵᠢᠨ ᠪᠤᠵᠠᠭᠠᠶᠢᠷᠠᠬᠤ ᠳᠤ ᠡᠯ᠎ᠡ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠪᠡ᠃ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ᠂ ᠳᠡᠳ᠋ ᠬᠤᠰᠢᠭᠤ ᠳᠠᠷᠤᠭ᠎ᠠ ᠪᠦᠦ ᠴᠢᠩ ᠱᠠᠨ᠂ ᠠᠶᠢᠮᠠᠭ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠬᠤ ᠨᠡᠭᠡᠭᠡᠯᠲᠡ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠠ ᠵᠥᠩ ᠰᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号