1 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠤᠤ ᠹᠸᠢ ᠫᠧᠩ ᠴᠢᠶᠠᠨ ᠶᠢᠨ | ᠭᠸᠦ ᠪᠠᠯᠭᠠᠰᠤᠨ ᠤ ᠮᠢᠨ ᠵᠦᠩ ᠲᠤᠰᠬᠤᠨ ᠳᠤ ᠬᠦᠨᠵᠡᠬᠡᠶᠢᠷᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠠᠢ ᠃ ᠮᠢᠨ ᠵᠦᠩ ᠲᠤᠰᠬᠤᠨ ᠤ ᠨᠠᠮ ᠤᠨ ᠭᠡᠰᠢᠬᠦᠨ ᠤᠯᠠᠨ | ᠲᠦᠮᠡᠨ ᠳᠤ ᠦᠢᠯᠡᠴᠢᠯᠡᠬᠦ ᠲᠦᠪ ᠲᠤ ᠂ ᠵᠤᠤ ᠹᠸᠢ ᠫᠧᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭᠠᠨ ᠤ ᠲᠤᠭᠤᠷᠢᠨ ᠳᠤ᠂ ᠦᠨᠳᠦᠰᠦᠨ ᠱᠠᠳᠤᠨ ᠤ ᠨᠠᠮ ᠤᠨ ᠭᠡᠰᠢᠬᠦᠨ ᠤᠯᠠᠨ ᠲᠦᠮᠡᠨ ᠲᠠᠢ ᠰᠠᠨᠠᠯ ᠪᠤᠳᠤᠯ | ᠢᠶᠠᠨ ᠰᠤᠯᠢᠯᠴᠠᠵᠤ ᠤᠶᠢᠯᠠᠭᠠᠯᠳᠠ ᠲᠦᠷᠦᠭᠳᠡᠯ ᠢᠶᠠᠨ ᠬᠤᠪᠢᠶᠠᠯᠴᠠᠭᠰᠠᠨ ᠪᠦᠭᠡᠳ ᠬᠦᠳᠡᠭᠡ ᠲᠤᠰᠬᠤᠨ ᠤ | ᠬᠦᠭᠵᠢᠯᠳᠡ ᠶᠢᠨ ᠲᠤᠬᠠᠢ ᠬᠦᠨᠵᠡᠬᠡᠢ ᠶᠠᠷᠢᠯᠴᠠᠭᠰᠠᠨ ᠪᠠᠶᠢᠨ᠎ᠠ ᠃ ᠵᠤᠤ ᠹᠸᠢ ᠫᠧᠩ ᠢᠯᠡᠷᠭᠡᠶᠢᠯᠡᠬᠦ ᠳᠡᠭᠡᠨ᠂ ᠨᠠᠮ | ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠶᠢᠯᠠᠭᠠᠬᠤ ᠳᠤ ᠡᠷᠭᠡᠪᠰᠢ ᠪᠦᠬᠦ ᠲᠠᠯ᠎ᠠ | ᠪᠠᠷ ᠵᠦᠪ ᠤᠨᠤᠪᠴᠢᠳᠠᠢ ᠪᠠᠶᠢᠬᠤ ᠶᠢ ᠪᠠᠷᠢᠮᠳᠠᠯᠠᠨ᠂ ᠭᠤᠤᠯ ᠠᠭᠤᠯᠭ᠎ᠠ ᠶᠢ ᠬᠦᠨᠵᠡᠬᠡᠢ ᠤᠶᠢᠯᠠᠭᠠᠵᠤ᠂ ᠠᠴᠢ | ᠬᠤᠯᠪᠤᠭᠳᠠᠯ ᠢ ᠬᠦᠢᠴᠡᠳ ᠲᠠᠨᠢᠬᠤ ᠭᠡᠷᠡᠭᠳᠡᠢ᠃ ᠮᠠᠨ ᠤ ᠨᠠᠮ ᠤᠨ ᠦᠩᠭᠡᠷᠡᠭᠰᠡᠨ ᠲᠠᠪᠤᠨ ᠵᠢᠯ ᠳᠤ ᠤᠯᠤᠭᠰᠠᠨ | ᠠᠰᠤᠷᠤ ᠶᠡᠭᠡ ᠠᠮᠵᠢᠯᠳᠠ ᠪᠦᠳᠦᠮᠵᠢ ᠶᠢ ᠡᠷᠭᠡᠪᠰᠢ ᠬᠦᠨᠵᠡᠬᠡᠢ ᠲᠠᠨᠢᠵᠤ᠂ ᠨᠡᠶᠢᠬᠡᠮ ᠵᠢᠷᠤᠮᠳᠤ ᠤᠳᠤᠬᠢᠴᠢᠯᠠᠭᠰᠠᠨ | ᠤᠯᠤᠰ ᠢ ᠪᠦᠬᠦ ᠲᠠᠯᠠᠪᠠᠷ ᠪᠠᠶᠢᠭᠤᠯᠬᠤ ᠬᠠᠷᠠᠯᠳᠠ ᠡᠬᠦᠷᠭᠡ ᠶᠢ ᠡᠷᠭᠡᠪᠰᠢ ᠬᠦᠨᠵᠡᠬᠡᠢ ᠲᠠᠨᠢᠬᠤ ᠭᠡᠷᠡᠭᠳᠡᠢ ᠃ ᠶᠠᠳᠠᠭᠤ | ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠡ ᠪᠦᠳᠦᠬᠡᠯ ᠢ ᠪᠦᠬᠦ ᠬᠦᠴᠦᠨ ᠢᠶᠠᠷ | ᠪᠠᠬᠢᠵᠢᠬᠦᠯᠦᠨ ᠦᠷᠭᠡᠳᠭᠡᠵᠦ᠂ ᠤᠨᠴᠠᠯᠢᠭᠳᠤ ᠠᠵᠤ ᠦᠢᠯᠡᠰ ᠤᠨ ᠪᠦᠷᠬᠦᠴᠡ ᠶᠢ ᠦᠷᠭᠡᠳᠭᠡᠬᠦ᠂ ᠤᠷᠤᠯᠭ᠎ᠠ ᠶᠢᠨ | ᠶᠡᠷᠦᠩᠬᠡᠢ ᠲᠦᠪᠰᠢᠨ ᠢ ᠲᠡᠭᠡᠭᠰᠢᠯᠡᠬᠦᠯᠬᠦ ᠲᠡᠭᠡᠷ᠎ᠡ ᠶᠡᠬᠡᠬᠡᠨ ᠬᠦᠴᠦ ᠲᠠᠯᠪᠢᠵᠤ᠂ ᠤᠳᠤ ᠦᠶ᠎ᠡ ᠶᠢᠨ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠤ ᠦᠢᠯᠡᠰ ᠢ ᠶᠡᠬᠡᠪᠡᠷ ᠬᠦᠭᠵᠢᠬᠦᠯᠦᠨ᠂ ᠮᠠᠯᠵᠢᠬᠤ ᠲᠠᠷᠢᠶᠠᠯᠠᠬᠤ | ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠤᠷᠤᠰᠢᠨ | ᠰᠠᠭᠤᠷᠢᠰᠢᠬᠤ ᠤᠷᠴᠢᠨ ᠲᠤᠭᠤᠷᠢᠨ ᠤ ᠵᠠᠰᠠᠯᠳᠠ ᠶᠢᠨ ᠪᠦᠳᠦᠮᠵᠢ ᠶᠢ ᠪᠦᠬᠦ ᠬᠦᠴᠦᠨ ᠢᠶᠠᠷ ᠨᠡᠮᠡᠭᠳᠡᠬᠦᠯᠦᠨ᠂ | ᠦᠨᠳᠦᠰᠦᠨ ᠱᠠᠳᠤᠨ ᠤ ᠵᠠᠰᠠᠯᠳᠠ ᠶᠢᠨ ᠲᠦᠪᠰᠢᠨ ᠢ ᠪᠦᠳᠦᠮᠵᠢᠳᠡᠢ ᠲᠡᠭᠡᠭᠰᠢᠯᠡᠬᠦᠯᠵᠦ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠡᠷᠡᠭᠳᠡᠢ᠃ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠦᠨᠳᠦᠰᠦᠨ | ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠪᠦᠬᠦ ᠬᠦᠴᠦᠨ ᠢᠶᠠᠷ ᠰᠠᠶᠢᠳᠤᠷ ᠠᠳᠬᠤᠨ ᠂ | ᠬᠦᠭᠵᠢᠯᠳᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠪᠠ ᠦᠨᠳᠦᠰᠦᠨ ᠤ ᠪᠦᠯᠬᠦᠮᠳᠡᠯ ᠢ ᠬᠠᠮᠠᠭᠠᠯᠠᠬᠤ | ᠵᠡᠷᠭᠡ ᠲᠠᠯ᠎ᠠ ᠶᠢᠨ ᠴᠢᠬᠤᠯᠠ ᠦᠢᠯᠡᠳᠦᠯ ᠢ ᠨᠢ ᠦᠨᠡᠨᠬᠦ ᠰᠠᠶᠢᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ | ᠤᠯᠠᠨ ᠲᠦᠮᠡᠨ ᠲᠠᠢ ᠬᠠᠷᠢᠴᠠᠵᠤ ᠤᠯᠠᠨ ᠲᠦᠮᠡᠨ ᠢ ᠲᠠᠶᠢᠴᠢᠯᠠᠨ᠂ ᠠᠷᠠᠳ ᠲᠦᠮᠡᠨ ᠤ ︽ᠡᠵᠡᠨ ᠬᠦᠮᠦᠨ︾ ᠤ | ᠤᠬᠠᠮᠰᠠᠷ ᠢ ᠪᠦᠬᠦ ᠲᠠᠯᠠᠪᠠᠷ ᠨᠡᠮᠡᠭᠳᠡᠬᠦᠯᠵᠦ᠂ ᠬᠦᠭᠵᠢᠯᠳᠡ ᠶᠢᠨ ᠦᠷ᠎ᠡ ᠪᠦᠳᠦᠬᠡᠯ ᠢᠶᠠᠷ ᠠᠷᠠᠳ ᠤᠨ ᠠᠮᠢᠳᠤᠷᠠᠯ | ᠳᠤ ᠠᠰᠢᠭ ᠬᠦᠷᠳᠡᠭᠡᠨ ᠂ ᠠᠷᠠᠳ ᠤᠨ ᠰᠡᠳᠬᠢᠯ ᠢ ᠨᠢᠬᠳᠠᠷᠠᠭᠤᠯᠬᠤ ᠭᠡᠷᠡᠭᠳᠡᠢ ᠭᠡᠪᠡ᠃ |