ᠸᠠᠩ ᠢᠤᠢ ᠴᠢ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2023/1/15
1 ᠰᠠᠷ᠎ᠠ ᠶᠢᠨ 13 ᠤ ᠡᠳᠦᠷ᠂  ᠠᠶᠢᠮᠠᠭ ᠤᠨ ᠡᠮᠨᠡᠯᠭᠡ ᠶᠢᠨ ᠪᠠᠳᠤᠯᠠᠭᠠᠨ ᠤ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠸᠠᠩ ᠢᠤᠢ ᠴᠢ ᠵᠡᠷᠭᠡ ᠬᠦᠮᠦᠰ ᠲᠠᠶᠢᠹᠤᠰᠧ ᠬᠤᠰᠢᠭᠤᠨ ᠤ ᠡᠮᠨᠡᠯᠭᠡ ᠶᠢᠨ ᠲᠠᠭᠠᠳᠬᠠᠯ ᠤᠨ ᠦᠢᠯᠡᠴᠢᠯᠡᠭᠡᠨ ᠤ ᠲᠢᠩᠬᠢᠮ᠂  ᠬᠤᠰᠢᠭᠤ ᠡᠮᠨᠡᠯᠭᠡ ᠶᠢᠨ ᠬᠤᠷᠢᠶ᠎ᠠ᠂ ᠬᠢᠳᠠᠳ ᠮᠤᠩᠭᠤᠯ ᠡᠮᠨᠡᠯᠭᠡ ᠶᠢᠨ ᠬᠤᠷᠢᠶ᠎ᠠ᠂  ᠲᠸᠢ ᡁᠢ  ᠵᠢᠶᠠᠨ ᠡᠷᠡᠬᠦᠯ ᠬᠠᠮᠠᠭᠠᠯᠠᠯ   ᠤᠨ ᠬᠤᠷᠢᠶ᠎ᠠ᠂  ᠴᠠᠪᠠᠨᠠᠭᠤᠷ ᠲᠤᠰᠬᠤᠨ ᠤ ᠡᠷᠡᠬᠦᠯ ᠬᠠᠮᠠᠭᠠᠯᠠᠯ   ᠤᠨ ᠲᠠᠰᠤᠭ ᠲᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠳᠠ ᠬᠢᠵᠡᠢ᠃  ᠪᠠᠶᠢᠴᠠᠭᠠᠨ ᠰᠤᠳᠤᠯᠬᠤ ᠪᠦᠯᠬᠦᠮ ᠤᠨ ᠬᠢᠨ  ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠡᠮᠨᠡᠯᠭᠡ ᠵᠠᠰᠠᠯᠭ᠎ᠠ  ᠂ ᠡᠮ ᠲᠠᠩ ᠤᠨ ᠪᠠᠳᠤᠯᠠᠭ᠎ᠠ᠂ ᠡᠮᠨᠡᠯᠭᠡ   ᠶᠢᠨ ᠵᠠᠷᠤᠳᠠᠯ ᠤᠨ  ᠲᠤᠭᠠᠴᠠᠭ᠎ᠠ ᠵᠡᠷᠭᠡ ᠠᠵᠢᠯ ᠤᠨ ᠪᠠᠶᠢᠳᠠᠯ  ᠢ ᠨᠠᠷᠢᠨ ᠤᠶᠢᠯᠠᠭᠠᠭᠰᠠᠨ ᠤ ᠬᠠᠮᠳᠤ᠂    ᠰᠢᠨ᠎ᠡ ᠲᠢᠳᠢᠮᠯᠢᠭ ᠸᠢᠷᠦ᠋ᠰ ᠤᠨ ︽ᠬᠦᠭᠡᠭᠴᠢᠨ ᠲᠦᠷᠦᠯ ᠤᠨ ᠬᠦᠭᠡᠭᠴᠢᠨ ᠬᠠᠮᠢᠶᠠᠷᠤᠯᠳᠠ︾ ᠶᠢᠨ ᠠᠵᠢᠯ ᠳᠤ ᠪᠤᠳᠠᠳᠠᠢ ᠱᠠᠭᠠᠷᠳᠠᠯᠭ᠎ᠠ  ᠲᠤᠷᠠᠳᠤᠭᠰᠠᠨ ᠪᠠᠶᠢᠨ᠎ᠠ᠃ ᠸᠠᠩ ᠢᠤᠢ ᠴᠢ ᠵᠢᠭᠠᠵᠤ ᠭᠠᠷᠭᠠᠬᠤ ᠳᠠᠭᠠᠨ᠂  ᠤᠳᠤᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠱᠠᠳᠤᠨ ᠳᠤ ᠤᠷᠤᠭᠠᠳ ᠪᠤᠢ᠂  ᠡᠯ᠎ᠡ ᠡᠮᠨᠡᠯᠭᠡ ᠶᠢᠨ ᠪᠠᠶᠢᠭᠤᠯᠤᠮᠵᠢ᠂ ᠡᠮᠨᠡᠯᠭᠡ ᠶᠢᠨ ᠲᠠᠭᠠᠳᠬᠠᠯ ᠤᠨ ᠦᠢᠯᠡᠴᠢᠯᠡᠭᠡᠨ ᠤ ᠭᠠᠵᠠᠷ  ᠨᠢ ᠰᠢᠨ᠎ᠡ ᠪᠠᠶᠢᠳᠠᠯ ᠰᠢᠨ᠎ᠡ ᠡᠬᠦᠷᠭᠡ ᠶᠢ ᠪᠠᠳᠤ ᠡᠵᠡᠮᠳᠡᠵᠦ᠂  ︽ᠰᠡᠷᠭᠡᠶᠢᠯᠡᠬᠦ ᠪᠠᠷ ᠭᠤᠤᠯ ᠪᠤᠯᠭᠠᠬᠤ᠂  ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂  ᠰᠢᠨᠵᠢᠯᠡᠬᠦ ᠤᠠᠬᠠᠭᠠᠨᠴᠢ  ᠪᠦᠭᠡᠳ ᠬᠠᠤᠯᠢ ᠶᠤᠰᠤᠨ ᠤ᠂  ᠲᠡᠰ ᠬᠤᠪᠢᠶᠠᠵᠤ ᠲᠦᠷᠦᠯ ᠢᠯᠭᠠᠬᠤ︾ ᠵᠠᠷᠴᠢᠮ ᠢ ᠪᠠᠷᠢᠮᠳᠠᠯᠠᠨ᠂  ︽ᠬᠦᠭᠡᠭᠴᠢᠨ ᠲᠦᠷᠦᠯ ᠤᠨ ᠬᠦᠭᠡᠭᠴᠢᠨ ᠬᠠᠮᠢᠶᠠᠷᠤᠯᠳᠠ︾ ᠶᠢᠨ ᠠᠷᠭ᠎ᠠ ᠲᠦᠷᠢᠮ ᠢ ᠪᠦᠬᠦ ᠲᠠᠯᠠᠪᠠᠷ ᠵᠦᠪ ᠤᠨᠤᠪᠴᠢᠳᠠᠢ ᠤᠶᠢᠯᠠᠭᠠᠨ ᠨᠠᠶᠢᠳᠠᠪᠤᠷᠢᠵᠢᠭᠤᠯᠵᠤ᠂   ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ   ᠤᠨ ᠡᠮᠨᠡᠯᠭᠡ ᠪᠠ ᠲᠠᠭᠠᠳᠬᠠᠯ ᠤᠨ ᠦᠢᠯᠡᠴᠢᠯᠡᠭᠡ ᠶᠢ ᠰᠠᠶᠢᠨ ᠬᠢᠵᠦ᠂  ᠠᠷᠠᠳ ᠤᠯᠠᠨ ᠤ  ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠦᠬᠦ ᠬᠦᠴᠦᠨ ᠢᠶᠠᠷ ᠬᠠᠮᠠᠭᠠᠯᠠᠬᠤ ᠭᠡᠷᠡᠭᠳᠡᠢ ᠭᠡᠵᠡᠢ᠃   ᠪᠠᠶᠢᠴᠠᠭᠠᠨ ᠰᠤᠳᠤᠯᠬᠤ ᠪᠦᠯᠬᠦᠮ ᠤᠨ ᠬᠢᠨ ᠪᠠᠰᠠ ᠪᠤᠤᠴᠠᠩ ᠪᠠᠯᠭᠠᠰᠤᠨ ᠤ  ᠰᠢᠶᠠᠩ ᠶᠠᠩ ᠲᠤᠰᠬᠤᠨ ᠳᠤ ᠬᠦᠨᠵᠡᠬᠡᠶᠢᠷᠡᠵᠦ᠂  ᠴᠠᠭᠠᠨ ᠰᠠᠷ᠎ᠠ ᠠᠴᠠ ᠡᠮᠦᠨᠡᠬᠢ ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃  ᠲᠡᠳ᠋ ᠬᠤᠰᠢᠭᠤ ᠲᠠᠷᠤᠭ᠎ᠠ ᠤᠶᠤᠨᠴᠡᠴᠡᠭ᠂ ᠬᠤᠰᠢᠭᠤᠨ ᠤ ᠡᠮᠨᠡᠯᠭᠡ ᠶᠢᠨ ᠪᠠᠳᠤᠯᠠᠭᠠᠨ ᠤ ᠲᠤᠪᠴᠢᠶ᠎ᠠ᠂  ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号