ᠬᠦᠨᠪᠤᠯᠠᠭ ᠰᠤᠮᠤᠨ ᠤ ᠡᠮᠡᠭᠲᠡᠶᠢᠴᠦᠳ ᠤᠨ ᠬᠤᠯᠪᠣᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/1/15
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠬᠤ ᠶᠢᠨ ᠲᠥᠯᠥᠭᠡ᠂ 1 ᠰᠠᠷ᠎ᠠ ᠶᠢᠨ 11 ᠤ ᠡᠳᠦᠷ ᠬᠦᠨᠪᠤᠯᠠᠭ ᠰᠤᠮᠤᠨ ᠤ ᠡᠮᠡᠭᠲᠡᠶᠢᠴᠦᠳ ᠤᠨ ᠬᠤᠯᠪᠤᠭᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠤᠬᠠᠭᠤᠯᠭ᠎ᠠ ᠲᠠᠶᠢᠯᠤᠮᠵᠢ ᠶᠢᠨ ᠬᠤᠷᠠᠯ ᠬᠢᠵᠦ᠂ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ᠂ ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ  ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠤᠮᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ᠂ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠰᠤᠯᠤᠩᠭᠤᠸ᠎ᠠ ᠠᠴᠠ ︽ᠡᠷᠡᠯᠬᠡᠭᠯᠡᠨ ᠲᠡᠮᠡᠴᠡᠵᠦ ᠬᠠᠷᠢᠭᠤᠴᠠᠯᠭ᠎ᠠ ᠡᠭᠦᠷᠭᠡᠯᠡᠨ ᠰᠢᠨ᠎ᠡ ᠬᠠᠭᠤᠳᠠᠰᠤ ᠶᠢ ᠪᠢᠴᠢᠭᠯᠡᠨ᠎ᠡ︱ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠢᠶᠠᠷ ᠲᠤᠰ ᠪᠡᠶ᠎ᠡ ᠶᠢᠨ ᠰᠤᠷᠤᠯᠴᠠᠭᠰᠠᠨ ᠤᠶᠢᠯᠠᠭᠠᠯᠳᠠ ᠲᠥᠷᠥᠭᠳᠡᠯ ᠲᠠᠢ ᠪᠠᠨ ᠤᠶᠠᠯᠳᠤᠭᠤᠯᠵᠤ᠂ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃   ᠡᠮᠡᠭᠲᠡᠶᠢᠴᠦᠳ ᠤᠨ ᠬᠤᠯᠪᠤᠭᠠᠨ ᠤ ᠺᠠᠳ᠋ᠷᠴᠤᠳ ᠡᠷᠭᠡᠪᠰᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠤᠷᠤᠯᠴᠠᠯᠭ᠎ᠠ  ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠪᠡᠷ ᠤᠨ ᠪᠡᠶ᠎ᠡ ᠪᠠᠷ ᠲᠦᠷᠦᠭᠦᠯᠡᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠮᠡᠭᠲᠡᠢ ᠤᠯᠠᠨ ᠲᠦᠮᠡᠨ ᠪᠠ ᠲᠦᠭ ᠲᠦᠮᠡᠨ ᠠᠶᠢᠯ ᠡᠷᠦᠬᠡ ᠳᠤ ᠬᠦᠷᠭᠡᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠭᠠᠴᠠᠭᠠᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠨᠠᠷ ᠢᠯᠡᠷᠭᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠣᠯᠣᠨ ᠡᠮᠡᠭᠲᠡᠶᠢᠴᠦᠳ ᠤᠨ ᠬᠤᠯᠪᠤᠭᠠᠨ ᠤ ᠭᠦᠢᠴᠡᠳᠬᠡᠬᠦ  ᠵᠦᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠡᠮᠡᠭᠲᠡᠶᠢᠴᠦᠳ ᠲᠤ ᠨᠠᠮ ᠤᠨ ᠲᠠᠭᠤᠨ ᠢ ᠳᠠᠮᠵᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠲᠠᠮᠵᠢᠭᠤᠯᠬᠤ ᠶᠢᠨ ᠬᠠᠮᠳᠤ᠂  ᠭᠡᠷ ᠤᠨ ᠰᠤᠷᠳᠠᠯ ᠰᠤᠷᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠪᠦᠲᠦᠮᠵᠢᠲᠡᠶ ᠵᠠᠭᠪᠤᠷ ᠢ ᠠᠬᠢᠭᠤᠯᠬᠤ ᠳᠤ ᠢᠳᠡᠪᠬᠢᠲᠡᠢ ᠤᠷᠤᠯᠴᠠᠨ᠂ ︽ᠦᠵᠡᠰᠬᠦᠯᠡᠩᠲᠦ ᠰᠠᠶᠢᠬᠠᠨ ᠭᠡᠷ ᠣᠷᠣᠨ︾ ︽ᠬᠠᠮᠤᠭ ᠤᠨ ᠭᠤᠶᠣ ᠭᠡᠷ ᠪᠦᠯᠢ︾ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠬᠡᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号