ᠲᠠᠶᠢᠹᠤᠰᠧ ᠬᠤᠰᠢᠭᠤ  ︽ᠲᠠᠪᠤ ᠳᠤ ᠬᠦᠨᠵᠡᠬᠡᠶᠢᠷᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/16
   ᠳᠤᠮᠳᠠᠳᠤ   ᠶᠢᠨ ᠰᠢᠯᠢᠳᠡᠭ ᠤᠯᠠᠮᠵᠢᠯᠠᠯᠲᠤ ᠰᠣᠶᠣᠯ   ᠢ ᠪᠠᠳᠠᠷᠠᠭᠤᠯᠤᠨ᠂ ︽  ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠣᠶᠢᠯᠠᠭᠠᠭᠳᠠᠬᠤᠨ   ᠢ  ᠦᠨᠡᠨᠬᠦ ᠦᠢᠯᠡᠳᠦᠯᠭᠡᠵᠢᠭᠦᠯᠬᠦ   ᠶᠢᠨ ᠲᠥᠯᠥᠭᠡ᠂ ᠣᠶᠢᠷ᠎ᠠ   ᠶᠢᠨ ᠡᠳᠦᠷ ᠤᠳ ᠲᠤ  ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ   ᠶᠢᠨ ᠪᠣᠯᠪᠠᠰᠤᠨ ᠤ ᠦᠢᠯᠡᠳᠦᠯᠭᠡ   ᠶᠢᠨ ᠰᠠᠯᠪᠤᠷᠢ  ᠨᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ ᠡᠯ᠎ᠡ ᠲᠣᠰᠬᠤᠨ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂   ︽ᠲᠠᠪᠤ ᠳᠤ  ᠬᠦᠨᠵᠡᠬᠡᠶᠢᠷᠡᠬᠦ︾  ᠰᠠᠶᠢᠨ ᠳᠤᠷ᠎ᠠ   ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ   ᠶᠢ ᠥᠷᠨᠢᠭᠦᠯᠵᠦ ᠪᠠᠶᠢᠨ᠎ᠠ᠃  ᠨᠢᠭᠡ ᠳᠤ᠂ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ  ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠦᠭᠰᠡᠨ᠃ ︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠶᠢ ᠬᠠᠮᠲᠤᠪᠠᠷ ᠴᠤᠭᠴᠠᠯᠠᠬᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ︾ ᠬᠠᠷᠠᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠡᠬᠦᠷ  ᠤᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠤᠰᠠᠳᠠ᠂ ᠪᠦᠦ ᠹᠧᠩ ᠨᠡᠶᠢᠭᠡᠮ ᠲᠣᠭᠤᠷᠢᠭ ᠤᠨ ᠬᠠᠮᠳᠤᠷᠠᠭᠰᠠᠨ ᠨᠠᠮ ᠤᠨ ᠡᠬᠦᠷ ᠤᠨ ᠨᠠᠮ ᠤᠨ ᠭᠡᠰᠢᠬᠦᠳ ᠨᠢ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢᠳ ᠲᠤ ᠴᠠᠭᠠᠨ ᠰᠠᠷ᠎ᠠ ᠶᠢᠨ ᠲᠤᠬᠤᠨᠢᠭᠤᠯᠭ᠎ᠠ   ᠶᠢᠨ ᠡᠳ᠋ ᠪᠣᠳᠠᠰ ᠢ ᠬᠦᠷᠭᠡᠭᠰᠡᠨ ᠪᠥᠭᠡᠳ ᠲᠡᠳᠡᠨ ᠳᠤ  ᠰᠠᠷ᠎ᠠ ᠰᠢᠨ᠎ᠡ ᠶᠢᠨ ᠮᠡᠨᠳᠦᠴᠢᠯᠡᠯ ᠵᠥᠩᠨᠡᠯ ᠳᠡᠪᠰᠢᠭᠦᠯᠵᠦ᠂ ᠲᠡᠳᠡᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢᠴᠢ ᠨᠡᠶᠢᠭᠡᠮ ᠲᠣᠭᠤᠷᠢᠭ ᠤᠨ ᠠᠵᠢᠯ ᠳᠤ ᠦᠵᠡᠭᠦᠯᠦᠭᠰᠡᠨ ᠬᠤᠪᠢ ᠨᠡᠮᠡᠷᠢ ᠳᠤ ᠬᠦᠨᠳᠦᠳᠬᠡᠯ ᠲᠠᠯᠠᠷᠬᠠᠯ ᠲᠡᠪᠰᠢᠬᠦᠯᠵᠡᠢ᠃  ᠬᠤᠶᠠᠷ ᠳᠤ᠂   ᠬᠦᠳᠡᠭᠡ ᠲᠤᠰᠬᠤᠨ ᠳᠤ ᠬᠦᠨᠵᠡᠬᠡᠶᠢᠷᠡᠵᠦ ᠲᠤᠭᠯᠠᠯᠳᠠ ᠭᠠᠷᠭᠠᠨ ᠲᠤᠬᠤᠨᠢᠭᠤᠯᠤᠭᠰᠠᠨ  ᠃ ᠪᠢᠶᠠᠨ ᠴᠢᠶᠠᠩ ᠲᠣᠰᠬᠤᠨ᠂ ᠬᠤᠩ ᠱᠧᠩ ᠲᠣᠰᠬᠤᠨ ᠳᠤ ︽ᠮᠠᠨ ᠤ ᠳᠤᠮᠳᠠᠳᠤ ᠶᠢᠨ ᠵᠡᠭᠦᠳᠦ ︱ ᠰᠣᠶᠣᠯ ᠢ ᠲᠦᠮᠡᠨ ᠡᠷᠦᠬᠡ ᠳᠤ  ᠬᠦᠷᠬᠡᠬᠦ︾  ᠭᠤᠣᠯ ᠰᠡᠳᠦᠪᠲᠦ  ᠲᠤᠬᠤᠨᠢᠭᠤᠯᠭ᠎ᠠ ᠶᠢᠨ ᠲᠣᠭᠯᠠᠯᠲᠠ ᠭᠠᠷᠭᠠᠵᠤ᠂ ᠤᠯᠠᠭᠠᠨᠮᠥ᠋ᠴᠢᠷ ᠤᠨ ᠲᠤᠭᠯᠠᠭᠴᠢᠳ ᠠᠴᠠ ᠤᠷᠠᠨ ᠭᠤᠴᠤ ᠳᠠᠭᠤᠤ ᠪᠥᠵᠢᠭ ᠤᠨ ᠲᠣᠭᠯᠠᠯᠲᠠ ᠶᠢ ᠤᠯᠠᠨ ᠲᠦᠮᠡᠨ ᠳᠤ ᠰᠤᠨᠢᠷᠬᠠᠭᠤᠯᠤᠨ᠂  ᠤᠷᠠᠨ ᠰᠠᠶᠢᠬᠠᠨ ᠤ  ᠬᠡᠯᠪᠡᠷᠢ ᠪᠠᠷ ᠥᠷᠭᠡᠨ ᠤᠯᠠᠨ ᠲᠦᠮᠡᠨ ᠢ ᠬᠠᠯᠠᠮᠵᠢᠯᠠᠵᠤ ᠪᠠᠶᠢᠬᠤ ᠪᠠᠨ ᠢᠯᠡᠳᠬᠡᠵᠦ᠂ ᠴᠠᠭ ᠦᠶ᠎ᠡ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠤᠬᠠᠭᠤᠯᠤᠨ ᠲᠡᠯᠬᠡᠷᠡᠬᠦᠯᠵᠡᠢ᠃   ᠭᠤᠷᠪᠠ ᠳᠤ᠂  ᠰᠠᠭᠤᠭᠠᠯᠢ ᠲᠤᠭᠤᠷᠢᠭ ᠲᠤ ᠬᠦᠨᠵᠡᠬᠡᠶᠢᠷᠡᠵᠦ  ᠤᠬᠠᠭᠤᠯᠭ᠎ᠠ ᠶᠢᠨ ᠠᠵᠢᠯ ᠬᠢᠭᠰᠡᠨ᠃  ᠪᠦᠦ ᠹᠧᠩ ᠨᠡᠶᠢᠭᠡᠮ ᠲᠣᠭᠤᠷᠢᠭ ᠲᠤ ︽ᠬᠠᠭᠤᠴᠢᠨ ᠵᠠᠩ ᠳᠠᠳᠬᠠᠯ ᠢ ᠥᠭᠡᠷᠡᠴᠢᠯᠡᠨ ᠰᠢᠨ᠎ᠡ ᠬᠡᠪ ᠰᠤᠷᠲᠠᠯ ᠢ ᠪᠤᠶ ᠪᠣᠯᠭᠠᠵᠤ᠂ ᠪᠣᠯᠪᠠᠰᠤᠨ ᠰᠠᠶᠢᠬᠠᠨ ᠢᠶᠠᠷ ᠴᠠᠭᠠᠨ ᠰᠠᠷ᠎ᠠ  ᠪᠠᠨ ᠥᠩᠭᠡᠷᠡᠭᠦᠯᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ᠂ ᠳ᠋ᠧᠩᠯᠦ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠬᠢᠵᠢᠭ ᠰᠡᠷᠭᠡᠶᠢᠯᠡᠬᠦ ᠮᠡᠳᠡᠯᠭᠡ ᠪᠠ ᠰᠢᠨ᠎ᠡ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠤᠬᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠠᠮᠤᠷ ᠠᠮᠤᠭᠤᠯᠠᠩ᠂ ᠡᠷᠡᠭᠦᠯ ᠮᠡᠨᠳᠦ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠳᠤ ᠪᠠᠳᠤᠯᠠᠭ᠎ᠠ ᠬᠠᠩᠭᠠᠭᠰᠠᠨ ᠪᠠᠶᠢᠨ᠎ᠠ᠃ ᠲᠦᠷᠪᠡ ᠳᠤ᠂ ᠠᠶᠢᠯ  ᠡᠷᠦᠬᠡ ᠪᠠᠷ ᠬᠦᠨᠵᠡᠬᠡᠶᠢᠷᠡᠵᠦ ᠡᠮ ᠲᠠᠩ ᠬᠦᠷᠭᠡᠭᠰᠡᠨ᠃  ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠴᠢ ᠲᠤᠰᠠ ᠬᠦᠷᠳᠡᠭᠡᠬᠦ ᠶᠢᠨ ᠲᠥᠯᠥᠭᠡ᠂  ︽ᠬᠠᠯᠠᠭᠤᠨ ᠰᠡᠳᠬᠢᠯᠳᠦ ᠰᠠᠯᠪᠤᠷᠢ ᠠᠩᠭᠢ︾   ᠶᠢ ᠪᠠᠶᠢᠭᠤᠯᠵᠤ᠂  ᠪᠦᠦ  ᠹᠧᠩ ᠨᠡᠶᠢᠭᠡᠮ ᠲᠣᠭᠤᠷᠢᠭ ᠤᠨ 65 ᠨᠠᠰᠤᠨ ᠠᠴᠠ ᠳᠡᠭᠡᠭᠰᠢᠬᠢ ᠭᠤᠣᠯᠳᠠᠯᠭ᠎ᠠ ᠲᠠᠢ ᠬᠥᠮᠥᠰ ᠤᠨ ᠭᠡᠷ ᠢᠶᠠᠷ ᠲᠤᠭᠤᠷᠢᠵᠤ᠂ ᠬᠠᠯᠠᠮᠵᠢᠯᠠᠨ ᠲᠣᠬᠤᠨᠢᠭᠤᠯᠵᠤ ᠬᠠᠪᠰᠤᠷᠤᠨ  ᠲᠡᠳᠬᠦᠬᠦ  ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠨ᠂ ᠭᠤᠣᠯᠳᠠᠯᠭ᠎ᠠ ᠲᠠᠢ ᠬᠥᠮᠥᠰ ᠲᠤ ᠡᠮ ᠲᠠᠩ  ᠬᠦᠷᠭᠡᠭᠡᠳ᠂  ᠬᠦᠴᠢᠷᠳᠡᠯ ᠲᠠᠢ ᠣᠯᠠᠨ ᠲᠦᠮᠡᠨ ᠳᠤ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ ᠲᠡᠳᠡᠨ ᠳᠤ ᠣᠶᠤᠨ ᠰᠠᠨᠠᠭᠠᠨ ᠤ ᠲᠠᠶᠢᠳᠬᠤᠷᠠᠭᠤᠯᠤᠯ ᠣᠯᠭᠤᠵᠤ᠂ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠳᠡᠷᠭᠡᠳᠡ ᠦᠨᠡᠨ ᠬᠦ  ᠬᠦᠷᠭᠡᠭᠰᠡᠨ ᠪᠠᠶᠢᠨ᠎ᠠ᠃  ᠲᠠᠪᠤ ᠳᠤ᠂  ᠤᠯᠠᠨ ᠲᠦᠮᠡᠨ ᠤ ᠲᠤᠮᠳᠠ ᠬᠦᠨᠵᠡᠬᠡᠶᠢᠷᠡᠵᠦ ᠬᠤᠤᠰ ᠤᠶᠠᠩᠭ᠎ᠠ᠂  ᠦᠩᠭᠡᠳᠦ ᠳ᠋ᠧᠩᠯᠦ᠂ ᠴᠣᠩᠬᠤᠨ ᠬᠤᠸᠠᠷ ᠬᠦᠷᠭᠡᠭᠰᠡᠨ᠃ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ  ᠲᠡᠯᠬᠡᠷᠡᠬᠦᠯᠬᠦ ᠶᠢᠨ ᠲᠥᠯᠥᠭᠡ᠂ ᠪᠢᠶᠠᠨ ᠴᠢᠶᠠᠩ ᠲᠣᠰᠬᠤᠨ᠂ ᠬᠤᠩ ᠱᠧᠩ ᠲᠣᠰᠬᠤᠨ ᠳᠤ ︽ᠬᠤᠣᠰ ᠤᠶᠠᠩᠭ᠎ᠠ ᠪᠢᠴᠢᠬᠦ᠂ ᠴᠣᠩᠬᠤᠨ ᠬᠤᠸᠠᠷ ᠬᠠᠶᠢᠴᠢᠯᠠᠬᠤ᠂  ᠦᠩᠬᠡᠳᠦ ᠳ᠋ᠧᠩᠯᠦ ᠬᠦᠷᠭᠡᠬᠦ︾ ᠠᠵᠢᠯᠯᠠᠭ᠎ᠠ ᠶᠢ  ᠦᠷᠨᠢᠬᠦᠯᠵᠦ᠂ ᠤᠷᠤᠨ ᠠᠶᠢᠮᠠᠭ ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠨᠠᠷ ᠠᠴᠠ ᠲᠣᠰᠬᠤᠨ ᠤ ᠠᠷᠠᠳ ᠳᠤ ᠦᠪᠡᠷ ᠦᠪᠡᠷ ᠤᠨ ᠪᠦᠳᠦᠬᠡᠯ ᠢᠶᠠᠨ ᠦᠨ᠎ᠡ ᠲᠦᠯᠦᠪᠦᠷᠢ ᠦᠬᠡᠢ  ᠪᠡᠯᠡᠭᠯᠡᠭᠡᠳ᠂ ᠠᠬᠤᠢ ᠲᠠᠯᠠᠪᠠᠢ ᠪᠠᠶᠠᠷ ᠬᠦᠷ ᠢᠶᠠᠷ ᠪᠢᠯᠬᠠᠵᠤ ᠪᠠᠶᠢᠯ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号